ᠪᠠᠶᠢᠭᠠᠯᠢ ᠶᠢᠨ ᠣᠷᠴᠢᠨ ᠲᠣᠭᠤᠷᠢᠨ ᠪᠠ ᠬᠥᠮᠦᠨ ᠤ ᠬᠦᠴᠦ ᠪᠠᠷ ᠲᠠᠷᠢᠭᠰᠠᠨ ᠴᠠᠰᠤᠨ ᠤᠳᠪᠠᠯᠠ ᠲᠠᠯᠠᠨ | ᠬᠠᠷ᠎ᠠ ᠠᠭᠤᠯᠠ ᠶᠢᠨ ᠬᠤᠷᠮᠣᠶ ᠳᠠᠬᠢ ᠮᠢᠶᠠᠨ ᠫᠦ ᠶᠣᠣ ᠲᠣᠰᠬᠤᠨ ᠢ ᠭᠤᠶᠢᠳᠠ ᠦᠵᠡᠮᠵᠢ ᠲᠠᠢ ᠪᠣᠯᠭᠠᠪᠠ᠃ | ᠴᠠᠰᠤᠨ ᠤᠳᠪᠠᠯᠠ ᠴᠡᠴᠡᠭ ᠤᠨ ᠴᠠᠢ ᠶᠢᠨ ᠲᠦᠷᠦᠯ ᠵᠦᠢᠯ ᠪᠣᠯ ᠰᠢᠨ᠎ᠡ ᠬᠤᠲᠠ ᠲᠣᠭᠤᠷᠢᠭ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠢ | ᠬᠠᠶᠢᠨ ᠰᠦᠪᠡᠭᠴᠢᠯᠡᠵᠦ ᠲᠦᠯᠬᠢᠨ ᠠᠬᠢᠭᠤᠯᠵᠤ ᠂ ᠪᠠᠶᠢᠭᠠᠯᠢ ᠶᠢᠨ ᠣᠷᠴᠢᠨ ᠲᠣᠭᠤᠷᠢᠨ ᠪᠠ ᠪᠣᠳᠠᠲᠠᠶ ᠪᠠᠶᠢᠳᠠᠯ ᠢ | ᠦᠨᠳᠦᠰᠦᠯᠡᠨ ᠪᠣᠯᠪᠠᠰᠤᠷᠠᠩᠭᠤᠶ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠴᠠᠰᠤᠨ ᠤᠳᠪᠠᠯᠠ | ᠴᠠᠢ ᠵᠢᠨᠠᠮᠢ ᠠᠬᠤᠶ ᠶᠢᠨ ᠴᠡᠴᠡᠷᠯᠢᠭ ᠢ ᠪᠠᠶᠢᠭᠤᠯᠵᠠᠢ ᠃ | 8 ᠰᠠᠷ᠎ᠠ ᠶᠢᠨ 12 ᠤᠨ ᠡᠳᠦᠷ᠂ ᠰᠢᠨ᠎ᠡ ᠬᠤᠲᠠ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠴᠠᠰᠤᠨ | ᠤᠳᠪᠠᠯᠠ ᠴᠡᠴᠡᠭ ᠤᠨ ᠴᠠᠢ ᠲᠡᠭᠦᠬᠦ ᠰᠣᠶᠣᠯ ᠤᠨ ᠨᠠᠶᠢᠷ ᠮᠢᠶᠠᠨ ᠫᠦ ᠶᠣᠣ ᠲᠣᠰᠬᠤᠨ ᠤ ᠴᠠᠰᠤᠨ ᠤᠳᠪᠠᠯᠠ | ᠴᠡᠴᠡᠭ ᠤᠨ ᠴᠠᠢ ᠶᠢᠨ ᠠᠮᠢ ᠠᠬᠤᠶ ᠶᠢᠨ ᠬᠦᠷᠢᠶᠡᠯᠡᠩ ᠳᠤ ᠡᠬᠢᠯᠡᠵᠡᠢ ᠃ 300 ᠰᠢᠬᠠᠮ ᠬᠤᠲᠠ ᠶᠢᠨ ᠠᠷᠠᠳ᠃ | ᠵᠤᠭᠠᠴᠠᠭᠴᠢᠳ ᠪᠠᠶᠠᠷ ᠪᠠᠭ᠋ᠠᠳᠤᠯ ᠲᠠᠢ ᠴᠠᠢ ᠲᠡᠭᠦᠵᠦ᠂ ᠲᠤᠰᠬᠠᠶ ᠠᠵᠢᠯ ᠲᠦᠷᠦᠯ ᠤᠨ ᠴᠠᠶ ᠶᠢᠨ ᠤᠷᠠᠯᠢᠭᠴᠢᠨ | ᠴᠠᠰᠤᠨ ᠤᠳ᠋ᠪᠠᠯ᠎ᠠ ᠴᠡᠴᠡᠭ ᠤᠨ ᠴᠠᠢ ᠳᠡᠪᠲᠡᠭᠡᠬᠦ ᠮᠡᠷᠭᠡᠵᠢᠯ ᠦᠨᠲ᠋ᠣᠭᠯᠠᠯᠲᠠ ᠭᠠᠷᠭᠠᠵᠦ᠂ ︽ᠤᠳᠪᠠᠯᠠ︾ ᠪᠠᠷ | ᠰᠡᠳᠦᠪᠯᠡᠭᠰᠡᠨ ᠤᠷᠠᠨ ᠪᠢᠴᠢᠯᠭᠡ ᠤᠷᠠᠨ ᠵᠢᠷᠤᠭ ᠢ ᠲᠤᠬᠠᠶ ᠶᠢᠨ ᠭᠠᠵᠠᠷ ᠲᠤᠨᠢ ᠵᠢᠷᠤᠭᠯᠠᠭᠰᠠᠨ ᠪᠠᠶᠢᠨ᠎ᠠ᠃ | | | | | ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠯᠢᠦ ᠰᠢᠶᠣᠣ ᠶᠠᠨ᠂ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠰᠢᠶᠠᠩ ᠵᠢᠶᠦᠨ᠂ | ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ᠂ ᠤᠢ ᠰᠢᠭᠤᠶ ᠶᠢᠨ ᠲᠣᠪᠴᠢᠶ᠎ᠠ᠂ ᠪᠣᠷᠣᠬᠤᠰᠢᠭᠤ ᠪᠠᠯᠭᠠᠰᠤᠨ ᠤ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠤᠰ ᠬᠤᠭᠤᠴᠠᠭᠠᠨ ᠤ ᠰᠣᠶᠣᠯ ᠤᠨ ᠨᠠᠶᠢᠷ ᠴᠠᠢ ᠲᠡᠭᠦᠬᠦ ᠤᠷᠠᠨ ᠰᠠᠶᠢᠬᠠᠨ ᠤ ᠲᠣᠭᠯᠠᠯᠲᠠ᠂ ᠦᠵᠡᠮᠦᠷᠢ ᠶᠢᠨ ᠵᠢᠮᠢᠰ | ᠲᠡᠭᠦᠬᠦ ᠪᠠᠷ ᠭᠤᠣᠯ ᠠᠭᠤᠯᠭ᠎ᠠ ᠪᠣᠯᠭᠠᠵᠤ᠂ ᠵᠢᠭᠤᠯᠴᠢᠯᠠᠯ ᠤᠨ ᠲᠠᠨᠢᠯᠴᠠᠭᠤᠯᠭ᠎ᠠ᠂ ᠭᠡᠷᠡᠯ ᠵᠢᠷᠤᠭ ᠤᠨ ᠰᠡᠳᠦᠪ | ᠴᠤᠭᠯᠠᠭᠤᠯᠬᠤ ᠵᠡᠷᠭᠡ ᠡᠯᠪᠡᠭ ᠪᠠᠶᠠᠯᠢᠭ ᠠᠭᠤᠯᠭ᠎ᠠ ᠶᠢ ᠤᠶᠠᠯᠳᠤᠭᠤᠯᠤᠨ᠂ ᠰᠢᠨ᠎ᠡ ᠬᠤᠲᠠ ᠲᠣᠭᠤᠷᠢᠭ ᠤᠨ ᠳᠠᠯᠠᠨ | ᠬᠠᠷ᠎ᠠ ᠠᠭᠤᠯᠠ ᠶᠢᠨ ᠤᠷᠢᠳᠤ ᠪᠡᠯ ᠪᠠᠷ ᠬᠢ ᠥᠪᠡᠷᠮᠢᠴᠡ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ | ᠬᠦᠴᠦᠯᠡᠨ ᠪᠤᠶᠢᠵᠢᠭᠤᠯᠬᠤ᠂ ᠮᠢᠶᠠᠨ ᠫᠦ ᠶᠣᠣ ᠲᠣᠰᠬᠤᠨ ᠵᠢᠴᠢ ᠡᠷᠬᠢᠨ ᠲᠣᠭᠤᠷᠢᠨ ᠤ ᠭᠠᠵᠠᠷ ᠪᠠᠷ ᠣᠨᠴᠠᠯᠢᠭ ᠲᠠᠢ | ᠲᠣᠭᠤᠷᠢᠨ ᠵᠤᠭᠠᠴᠠᠬᠤ᠂ ᠰᠡᠯᠡᠭᠦᠴᠡᠯ ᠵᠡᠷᠭᠡ ᠠᠵᠤ ᠦᠢᠯᠡᠰ ᠢ ᠪᠦᠬᠦᠯᠢ ᠴᠣᠭᠴᠠ ᠶᠢᠨ ᠬᠦᠭᠵᠢᠯᠲᠡ ᠶᠢ | ᠠᠬᠢᠭᠤᠯᠤᠭᠰᠠᠨ ᠪᠠᠶᠢᠨ᠎ᠠ᠃ |