《ᠦᠴᠦᠸᠠᠨ ᠰᠢᠶᠠᠨ ᠤ ᠪᠥᠬᠦ ᠬᠦᠴᠦᠨ ᠢᠶᠠᠷ ᠢᠶᠠᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ | ᠠᠬᠢᠭᠤᠯᠬᠤ ᠬᠡᠷᠡᠭᠵᠢᠭᠦᠯᠬᠦ ᠲᠦᠰᠤᠯ》ᠶᠣᠰᠤᠭᠠᠷ᠂ ᠰᠢᠶᠠᠨ ᠤ ᠵᠠᠰᠠᠭ ᠤᠨ ᠣᠷᠳᠤᠨ ᠤ ᠵᠦᠪᠰᠢᠶᠡᠷᠡᠯ ᠢᠶᠠᠷ | ᠦᠴᠦᠸᠠᠨ ᠰᠢᠶᠠᠨ ᠢᠳᠡᠪᠬᠢᠲᠠᠢ ᠪᠠᠷ ᠪᠡᠯᠡ ᠮᠥᠩᠭᠦ ᠴᠤᠭᠯᠠᠭᠤᠯᠵᠤ᠂ ᠬᠤᠶᠠᠳᠤᠭᠠᠷ ᠪᠥᠯᠦᠭ ᠳᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠬᠡᠤᠬᠡᠳ ᠤᠨ 2018 ᠣᠨ ᠤ ᠬᠠᠪᠤᠷ ᠤᠨ ᠰᠤᠷᠤᠯᠭ᠎ᠠ ᠶᠢᠨ | ᠬᠤᠭᠤᠴᠠᠭᠠᠨ ᠤ ᠰᠤᠷᠭᠠᠭᠤᠯᠢ ᠳᠤ ᠣᠷᠤᠬᠤ ᠪᠡᠯᠡ ᠮᠥᠩᠭᠦ ᠶᠢ 95 ᠲᠥᠮᠡᠨ ᠲᠥᠭᠦᠷᠢᠭ ᠪᠠᠭᠤᠯᠭᠠᠪᠠ᠃ | 2018 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠦᠴᠦᠸᠠᠨ | ᠰᠢᠶᠠᠨ ᠰᠤᠷᠤᠭᠴᠢ ᠡᠷᠡᠮᠵᠢᠯᠡᠬᠦ᠂ ᠰᠤᠷᠭᠠᠭᠤᠯᠢ ᠬᠢᠨᠠᠨ ᠬᠠᠷᠭᠤᠭᠤᠯᠬᠤ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ | ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠵᠡᠷᠭᠡ ᠶᠠᠪᠤᠴᠠ ᠶᠢ ᠳᠠᠮᠵᠢᠨ ᠪᠥᠬᠦ ᠰᠢᠶᠠᠨ ᠤ 2018 ᠣᠨ ᠤ | ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠳᠤ ᠣᠷᠤᠭᠤᠯᠤᠭᠰᠠᠨ ᠡᠯ᠎ᠡ ᠲᠥᠷᠦᠯ ᠤᠨ ᠰᠤᠷᠤᠭᠴᠢᠳ ᠲᠤ | ᠣᠨᠤᠪᠴᠢᠲᠠᠢ ᠢᠯᠭᠠᠨ ᠲᠣᠳᠤᠯᠤᠯᠲᠠ ᠬᠢᠨ᠂ ᠲᠤᠰ ᠤᠳᠠᠭ᠎ᠠ 380 ᠬᠦᠮᠦᠨ ᠳᠤ ᠲᠤᠰᠠᠯᠠᠮᠵᠢ ᠦᠵᠡᠭᠦᠯᠬᠦ ᠪᠠᠷ | ᠲᠤᠭᠲᠠᠪᠠ᠂ ᠡᠭᠦᠨ ᠳᠤ ᠰᠤᠷᠬᠤ ᠨᠠᠰᠤᠨ ᠠᠴᠠ ᠡᠮᠦᠨᠡᠬᠢ ᠰᠣᠷᠤᠭᠴᠢ 41 ᠬᠥᠮᠦᠨ᠂ ᠪᠠᠭ᠎ᠠ ᠰᠤᠷᠭᠠᠭᠤᠯᠢ ᠶᠢᠨ | ᠰᠤᠷᠤᠭᠴᠢ 129 ᠬᠥᠮᠦᠨ᠂ ᠠᠩᠬ᠎ᠠ ᠳᠣᠮᠳᠠᠳᠤ ᠶᠢᠨ ᠰᠤᠷᠤᠭᠴᠢ 57 ᠬᠥᠮᠦᠨ᠂ ᠳᠡᠭᠡᠳᠤ ᠳᠤᠮᠳᠠᠳᠤ ᠶᠢᠨ | ᠰᠤᠷᠤᠭᠴᠢ 48 ᠬᠥᠮᠦᠨ᠂ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠰᠤᠷᠤᠭᠴᠢ 18 ᠬᠥᠮᠦᠨ᠂ | ᠰᠤᠷᠭᠠᠭᠤᠯᠢ ᠳᠤ ᠪᠠᠶᠢᠭ᠎ᠠ ᠶᠡᠭᠡ ᠰᠤᠷᠭᠠᠭᠤᠯᠢ ᠶᠢᠨ ᠰᠤᠷᠤᠭᠴᠢ 87 ᠬᠥᠮᠦᠨ ᠪᠣᠢ᠃《ᠲᠥᠰᠦᠯ》 ᠤᠨ ᠲᠤᠰᠠᠯᠠᠨ | ᠳᠡᠮᠵᠢᠬᠦ ᠪᠠᠷᠢᠮᠵᠢᠶ᠎ᠠ ᠶᠣᠰᠤᠭᠠᠷ᠂ ᠤᠯᠤᠰ ᠤᠨ ᠲᠤᠰᠠᠯᠠᠮᠵᠢ ᠠᠴᠠ ᠭᠠᠳᠠᠨ᠎ᠠ ᠰᠢᠶᠠᠨ ᠤ ᠲᠤᠰ ᠱᠠᠲᠤᠨ ᠤ | ᠲᠤᠰᠠᠯᠠᠮᠵᠢ ᠶᠢᠨ ᠪᠡᠯᠡ ᠮᠥᠩᠭᠦ 95 ᠲᠥᠮᠡᠨ ᠲᠥᠭᠦᠷᠢᠭ ᠢ ᠵᠣᠨ ᠤ ᠠᠮᠠᠷᠠᠯᠲᠠ ᠠᠴᠠ ᠡᠮᠦᠨ᠎ᠡ ᠪᠥᠬᠦᠨ ᠢ | ᠪᠠᠭᠤᠯᠭᠠᠵᠤ ᠳᠠᠭᠤᠰᠬᠠᠬᠤ ᠪᠣᠯᠤᠨ᠎ᠠ᠃ |