ᠯᠢᠤᠢ ᠶᠤᠸᠠᠨ ᠨᠡᠶᠢᠭᠡᠮ ᠲᠣᠭᠤᠷᠢᠭ ᠪᠡᠶ᠎ᠡ ᠪᠤᠯᠪᠠᠰᠤᠷᠠᠭᠤᠯᠬᠤ  ᠬᠡᠷᠡᠭᠰᠡᠯ ᠢ ᠤᠭᠰᠠᠷᠠᠵᠤ ᠰᠠᠭᠤᠭᠠᠯᠢ ᠠᠷᠠᠳ ᠪᠡᠶ᠎ᠡ ᠪᠤᠯᠪᠠᠰᠤᠷᠠᠬᠤ ᠳᠤ ᠳᠦᠬᠦᠮ ᠪᠣᠯᠪᠠ
ᠨᠡᠶᠢᠲᠡᠯᠡᠭᠰᠡᠨ ᠴᠠᠭ᠄
2018-08-20
     ᠯᠢᠤᠢ ᠶᠤᠸᠠᠨ ᠨᠡᠶᠢᠭᠡᠮ ᠲᠤᠭᠤᠷᠢᠭ ᠤᠨ ᠠᠵᠢᠯᠳᠠᠨ ᠡᠮᠦᠨᠡᠬᠢ ᠬᠤᠭᠤᠴᠠᠭᠠᠨ ᠤ ᠰᠤᠷᠪᠤᠯᠵᠢᠯᠠᠨ ᠪᠠᠶᠢᠴᠠᠭᠠᠯᠲᠠ ᠬᠢᠬᠦ ᠶᠠᠪᠤᠴᠠ  ᠳᠤ ᠬᠠᠷᠢᠶ᠎ᠠ ᠭᠠᠵᠠᠷ ᠲᠤ ︵ᠢᠳᠡᠭᠡᠨ ᠤ ᠪᠠᠶᠢᠷᠢ ᠶᠢᠨ ᠠᠰᠠᠷ᠂ ᠴᠦᠢᠳᠧᠩ ᠤᠨ ᠦᠢᠯᠡᠳᠪᠦᠷᠢ ᠶᠢᠨ ᠪᠠᠶᠢᠷᠢ ᠶᠢᠨ ᠠᠰᠠᠷ︶ ᠵᠤᠭ᠎ᠠ  ᠴᠡᠩᠭᠡᠯ ᠤᠨ ᠪᠡᠶ᠎ᠡ ᠪᠤᠯᠪᠠᠰᠤᠷᠠᠭᠤᠯᠬᠤ ᠪᠡᠯᠡᠳᠬᠡᠮᠵᠢ ᠳᠤᠲᠠᠭᠳᠠᠵᠤ ᠪᠠᠶᠢᠭ᠎ᠠ ᠶᠢ ᠮᠡᠳᠡᠪᠡ᠃ ᠬᠤᠷᠢᠶᠠᠯᠠᠯ ᠤᠨ ᠰᠠᠭᠤᠭᠠᠯᠢ ᠠᠷᠠᠳ ᠤᠨ ᠪᠡᠶ᠎ᠡ ᠪᠣᠯᠪᠠᠰᠤᠷᠠᠭᠤᠯᠬᠤ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ  ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠪᠡᠶ᠎ᠡ ᠪᠣᠯᠪᠠᠰᠤᠷᠠᠭᠤᠯᠬᠤ ᠭᠠᠵᠠᠷ᠂ ᠪᠠᠭᠠᠵᠢ ᠬᠡᠷᠡᠭᠰᠡᠯ ᠦᠭᠡᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠡᠷᠡᠭ ᠡᠷᠬᠢᠯᠡᠬᠦ ᠭᠠᠵᠠᠷ ᠤᠨ ᠤᠳᠤᠷᠢᠳᠤᠯᠭ᠎ᠠ ᠪᠣᠯᠤᠨ ᠲᠤᠭᠤᠷᠢᠭ ᠤᠨ ᠰᠣᠶᠣᠯ ᠲᠠᠮᠢᠷ ᠤᠨ ᠲᠣᠪᠴᠢᠶ᠎ᠠ ᠶᠢᠨ ᠵᠦᠪᠳᠡᠯᠴᠡᠭᠡ ᠪᠠ ᠴᠢᠷᠮᠠᠶᠢᠯᠭ᠎ᠠ ᠪᠠᠷ 8 ᠰᠠᠷ᠎ᠠ ᠶᠢᠨ 16 ᠤ ᠡᠳᠦᠷ  ᠪᠡᠶ᠎ᠡ  ᠴᠢᠭᠢᠷᠠᠭᠵᠢᠭᠤᠯᠬᠤ ᠬᠡᠷᠡᠭᠰᠡᠯ ᠢ ᠪᠣᠳᠠᠲᠠᠢ ᠨᠠᠶᠢᠳᠠᠪᠤᠷᠢᠵᠢᠭᠤᠯᠪᠠ᠃      ᠪᠡᠶ᠎ᠡ ᠪᠤᠯᠪᠠᠰᠤᠷᠠᠭᠤᠯᠬᠤ ᠬᠡᠷᠡᠭᠰᠡᠯ  ᠤᠨ ᠦᠢᠯᠡᠳᠦᠯ ᠢ ᠬᠠᠮᠤᠭ ᠤᠨ ᠶᠡᠭᠡ ᠪᠠᠷ ᠪᠠᠳᠠᠷᠠᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ  ᠠᠴᠠ ᠰᠠᠭᠤᠭᠠᠯᠢ ᠠᠷᠠᠳ ᠤᠨ ᠨᠠᠰᠤᠨ ᠤ ᠪᠦᠲᠦᠴᠡ ᠵᠡᠷᠭᠡ ᠣᠨᠴᠠᠯᠢᠭ ᠢ ᠦᠨᠳᠦᠰᠦᠯᠡᠨ᠂ ᠲᠤᠬᠢᠷᠠᠭᠰᠠᠨ ᠬᠡᠷᠡᠭᠰᠡᠯ ᠤᠨ ᠲᠦᠷᠦᠯ ᠬᠡᠯᠪᠡᠷᠢ ᠢ ︵ᠢᠳᠡᠭᠡᠨ ᠪᠠ ᠪᠠᠶᠢᠷᠢ ᠶᠢᠨ ᠠᠰᠠᠷ᠂ ᠴᠦᠢᠳᠧᠩ ᠤᠨ ᠦᠢᠯᠡᠳᠪᠦᠷᠢ  ᠶᠢᠨ ᠪᠠᠶᠢᠷᠢ ᠶᠢᠨ ᠠᠰᠠᠷ︶ ᠰᠠᠭᠤᠭᠠᠯᠢ ᠠᠷᠠᠳ ᠲᠤ ᠬᠡᠷᠡᠭᠯᠡᠭᠦᠯᠵᠦ᠂ ᠬᠡᠷᠡᠭᠰᠡᠯ ᠤᠨ ᠳᠦᠷᠦᠯ ᠬᠡᠯᠪᠡᠷᠢ᠂ ᠣᠷᠤᠨ ᠪᠠᠶᠢᠷᠢ᠂ ᠲᠤᠭ᠎ᠠ ᠬᠡᠮᠵᠢᠶ᠎ᠡ ᠶᠢ ᠴᠥᠮ ᠲᠤᠰᠬᠠᠶ ᠬᠥᠮᠦᠨ ᠬᠠᠮᠢᠶᠠᠷᠤᠨ ᠤᠭᠰᠠᠷᠠᠪᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠡᠳᠡᠭᠡᠷ ᠴᠣ ᠰᠢᠨ᠎ᠡ ᠪᠡᠶ᠎ᠡ ᠪᠤᠯᠪᠠᠰᠤᠷᠠᠭᠤᠯᠬᠤ ᠬᠡᠷᠡᠭᠰᠡᠯ ᠢ ᠬᠠᠷᠠᠭᠠᠳ ᠪᠦᠷ ᠪᠠᠶᠠᠷᠯᠠᠨ᠎ᠠ᠃ ᠡᠨᠡ ᠤᠳᠠᠭᠠᠨ ᠤ ᠤᠭᠰᠠᠷᠠᠭᠰᠠᠨ ᠪᠡᠶ᠎ᠡ ᠪᠤᠯᠪᠠᠰᠤᠷᠠᠭᠤᠯᠬᠤ ᠬᠡᠷᠡᠭᠰᠡᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠪᠣᠯᠪᠠᠰᠤᠷᠠᠭᠤᠯᠬᠤ ᠬᠡᠷᠡᠭᠴᠡᠭᠡ ᠶᠢ ᠶᠡᠬᠡᠪᠡᠷ ᠬᠠᠩᠭᠠᠵᠤ᠂ ᠰᠠᠭᠤᠭᠠᠯᠢ ᠠᠷᠠᠳ ᠲᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠬᠡᠢ᠂ ᠬᠤᠷᠢᠶᠠᠯᠠᠯ ᠤᠨ ᠡᠶ᠎ᠡ ᠵᠣᠬᠢᠴᠠᠯ ᠲᠠᠢ ᠠᠭᠤᠷ ᠠᠮᠢᠰᠬᠤᠯ  ᠳᠤ ᠥᠩᠭᠡ ᠨᠡᠮᠡᠷᠢᠯᠡᠵᠦ᠂ ᠰᠠᠭᠤᠭᠠᠯᠢ ᠠᠷᠠᠳ ᠤᠨ ᠬᠥᠳᠡᠯᠭᠡᠭᠡᠨ ᠬᠢᠬᠦ ᠪᠠ ᠵᠤᠭᠠᠴᠠᠯ ᠢ ᠳᠥᠭᠦᠮ ᠪᠣᠯᠭᠠᠬᠤ ᠮᠥᠷᠲᠡᠭᠡᠨ ᠬᠤᠷᠢᠶᠠᠯᠠᠯ ᠤᠨ ᠰᠠᠭᠤᠭᠠᠯᠢ ᠠᠷᠠᠳ ᠤᠨ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂  ᠰᠠᠭᠤᠭᠠᠯᠢ ᠠᠷᠠᠳ ᠤᠯᠠᠨ ᠲᠦᠮᠡᠨ ᠤ  ᠮᠠᠭᠲᠠᠭᠠᠯ ᠢ ᠣᠯᠪᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号