ᠰᠢᠨᠬᠤᠸᠠ ᠬᠤᠷᠢᠶᠠᠨ ᠤ ᠬᠦᠬᠡᠬᠤᠲᠠ ᠶᠢᠨ 8 ᠰᠠᠷ᠎ᠠ ᠶᠢᠨ 14 ᠤ ᠡᠳᠤᠷ ᠤᠨ ᠴᠠᠬᠢᠯᠭᠠᠨ | ᠮᠡᠳᠡᠭᠡ︵ᠰᠣᠷᠪᠤᠯᠵᠢᠯᠠᠭᠴᠢ᠄ ᠵᠢᠶᠠ ᠯᠢ ᠵᠢᠶᠦ᠋ᠨ︶ ᠦᠪᠦᠷ ᠮᠣᠩᠭᠤᠯ ᠠᠵᠤ ᠦᠢᠯᠡᠰ ᠢ ᠬᠦᠭᠵᠢᠭᠦᠯᠬᠦ ᠬᠠᠷᠠᠯᠲᠠ ᠶᠢᠨ | ᠲᠣᠭᠤᠷᠢᠨ ᠳᠤ ︽ᠬᠦᠳᠡᠭᠡ ᠠᠵᠦ ᠠᠬᠤᠢ ᠲᠡᠮᠳᠡᠭᠳᠤ︾ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ ᠢ | ᠬᠦᠭᠵᠢᠭᠦᠯᠵᠦ᠂ ᠬᠦᠳᠡᠭᠡᠲ᠋ᠤᠰᠬᠤᠨ ᠤ ᠠᠵᠤ ᠦᠢᠯᠡᠰ ᠤᠨ ᠰᠦᠷᠦᠭᠵᠢᠯᠡᠭᠰᠡᠨ ᠬᠦᠭᠵᠢᠯᠲᠡ ᠶᠢ ᠲᠠᠶᠢᠴᠢᠯᠠᠬᠤ ᠪᠠᠷ | ᠪᠠᠶᠢᠨ᠎ᠠ᠃ | ᠡᠨᠡ ᠪᠣᠯ ᠰᠣᠷᠪᠤᠯᠵᠢᠯᠠᠭᠴᠢ ᠶᠢᠨ 14 ᠤ ᠡᠳᠦᠷ ᠬᠤᠷᠠᠯᠳᠤᠭᠰᠠᠨ ᠦᠪᠦᠷ ᠮᠣᠩᠭᠤᠯ ᠤᠨ ᠬᠦᠳᠡᠭᠡ | ᠲᠤᠰᠬᠤᠨ ᠢᠬᠦ᠋ᠭᠵᠢᠭᠦᠯᠬᠦ ᠪᠠᠶᠢᠯᠳᠤᠬᠤ ᠪᠣᠳᠤᠯᠭ᠎ᠠ ᠶᠢ ᠲᠦᠯᠬᠢᠨ ᠠᠬᠢᠭᠤᠯᠬᠤ ᠬᠤᠷᠠᠯ ᠠᠴᠠ ᠣᠯᠤᠭᠰᠠᠨ ᠮᠡᠳᠡᠭᠡ | ᠵᠠᠩᠬᠢ ᠶᠤᠮ᠃ ᠤᠳᠤᠬᠠᠨ᠂ᠦᠪᠦᠷ ᠮᠣᠩᠭᠤᠯ ᠨᠢᠭᠡᠨᠲᠡ ︽ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ | ᠪᠣᠳᠤᠯᠭ᠎ᠠ ᠶᠢᠨ ᠲᠦᠯᠦᠪᠵᠢᠭᠦᠯᠭᠡ 2018—2022 ᠤᠨ︾ ᠶᠢ ᠨᠠᠶᠢᠷᠠᠭᠤᠯᠤᠨ ᠲᠤᠭᠲᠠᠭᠠᠵᠤ᠂ ᠡᠯ᠎ᠡ ᠠᠶᠢᠮᠠᠭ | ᠬᠤᠲᠠ᠂ ᠬᠤᠰᠢᠭᠤ ᠰᠢᠶᠠᠨ ᠲᠤᠭᠤᠷᠢᠭ ᠨᠢ ᠶᠠᠭ ᠡᠨᠡᠲ᠋ᠦ᠋ᠯᠦᠪᠯᠡᠯᠭᠡ ᠶᠢᠨ ᠶᠣᠰᠤ ᠪᠠᠷ ︽ᠲᠠᠷᠢᠶᠠᠯᠠᠬᠤ ᠤᠷᠤᠨ | ᠲᠠᠷᠢᠶᠠᠯᠠᠩ ᠲᠠᠷᠢᠶᠠᠴᠢᠨ᠂ ᠮᠠᠯᠵᠢᠬᠤ ᠤᠷᠤᠨ ᠮᠠᠯ ᠠᠵᠦ ᠠᠬᠤᠢᠮᠠᠯᠴᠢᠨ︾ ᠤ ᠠᠵᠢᠯ ᠢ ᠰᠣᠳᠣᠯᠵᠤ᠂ ᠬᠦᠳᠡᠭᠡ | ᠲᠤᠰᠬᠤᠨ ᠢ ᠬᠦᠭᠵᠢᠭᠦᠯᠬᠦ ᠲᠦᠰᠦᠯ ᠢᠶᠠᠨ ᠨᠠᠶᠢᠷᠠᠭᠤᠯᠤᠨ ᠲᠣᠭᠲᠠᠭᠠᠵᠤᠪᠠᠶᠢᠨᠠ᠃ | ᠡᠯ᠎ᠡ ᠭᠠᠵᠠᠷ ᠤᠨ ᠬᠢᠨ ᠨᠤᠲᠤᠭ ᠣᠷᠤᠨ ᠤ ᠪᠠᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ | ᠲᠠᠷᠢᠶᠠᠯᠠᠩ᠂ᠮᠠᠯ ᠠᠵᠦ ᠠᠬᠤᠢ᠂ ᠠᠷᠠᠯᠵᠢᠶ᠎ᠠ᠂ ᠵᠤᠭᠠᠴᠠᠯ ᠤᠨ ᠠᠯᠢᠨ ᠳᠤ ᠨᠢ ᠲᠣᠬᠢᠷᠠᠪᠠᠯ ᠠᠯᠢ ᠶᠢ ᠨᠢ ᠡᠷᠬᠢᠯᠡᠵᠦ᠂ | ᠲᠠᠷᠢᠶᠠᠯᠠᠩ ᠮᠠᠯ ᠠᠵᠤᠠᠬᠤᠢ ᠶᠢᠨ ᠰᠢᠨ᠎ᠡ ᠬᠠᠭᠤᠴᠢᠨ ᠬᠦᠳᠡᠯᠭᠡᠬᠦ ᠬᠦᠴᠦᠨ ᠤ ᠬᠤᠪᠢᠷᠠᠯᠲᠠ ᠶᠢ ᠠᠬᠢᠭᠤᠯᠬᠤ | ᠬᠡᠷᠡᠭᠲᠡᠢ ᠭᠡᠵᠦ ᠦᠪᠦᠷ ᠮᠣᠩᠭᠤᠯ ᠣᠨᠦᠪᠡᠷᠲᠡᠭᠡᠨ ᠵᠠᠰᠠᠬᠤ ᠣᠷᠤᠨ ᠠᠴᠠ ᠱᠠᠭᠠᠷᠳᠠᠵᠠᠢ᠃ | ᠡᠭᠦᠨ ᠤ ᠬᠠᠮᠲᠤ᠂ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ | ᠠᠬᠢᠭᠤᠯᠵᠤ᠂ᠮᠡᠯᠵᠢᠬᠤ ᠲᠠᠷᠢᠶᠠᠯᠠᠬᠤ ᠣᠷᠤᠨ ᠤ ᠰᠡᠯᠡᠭᠦᠴᠡᠨ ᠵᠤᠭᠠᠯᠠᠬᠤ᠂ ᠰᠤᠶᠤᠯ ᠢ ᠣᠶᠢᠯᠠᠭᠠᠬᠤ ᠵᠡᠷᠭᠡ ᠣᠯᠠᠨ | ᠲᠦᠷᠦᠯ ᠣᠨᠠᠮᠢ ᠠᠬᠤᠢᠶᠢᠨ ᠠᠭᠤᠷᠰᠤᠨ ᠢ ᠭᠦᠢᠴᠡᠳ ᠠᠭᠤᠳᠠᠯᠠᠵᠦ᠂ ᠰᠡᠯᠡᠭᠦᠴᠡᠯ ᠤᠨ ᠲᠠᠷᠢᠶᠠᠯᠠᠩ ᠮᠠᠯ ᠠᠵᠤ | ᠠᠬᠤᠢ᠂ ᠵᠤᠭᠠᠴᠠᠯ ᠤᠨ ᠲᠠᠷᠢᠶᠠᠯᠠᠩ ᠮᠠᠯᠠᠵᠤ ᠠᠬᠤᠢ᠂ ᠪᠦᠲᠦᠭᠡᠯᠴᠢ ᠲᠠᠷᠢᠶᠠᠯᠠᠩ ᠮᠠᠯ ᠠᠵᠤ ᠠᠬᠤᠢ ᠵᠡᠷᠭᠡ ᠶᠢᠨ | ᠬᠦᠭᠵᠢᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤᠣᠷᠤᠨ ᠤ ᠰᠢᠨ᠎ᠡ ᠠᠵᠣ ᠦᠢᠯᠡᠰ ᠵᠢᠴᠢ ᠰᠢᠨ᠎ᠡ ᠡᠵᠡᠩᠨᠡᠯᠲᠡ | ᠶᠢ ᠬᠦᠭᠵᠢᠭᠦᠯᠵᠦ᠂ ᠡᠬᠢ ᠪᠠᠶᠠᠯᠢᠭ ᠤᠨ ᠪᠦᠬᠦ ᠣᠷᠤᠨᠪᠦ᠋ᠰᠡᠵᠢᠯᠲᠡ ᠪᠠ ᠣᠯᠠᠨ ᠡᠰᠢᠵᠢᠯᠲᠡ ᠶᠢ | ᠠᠬᠢᠭᠤᠯᠤᠨ᠎ᠠ᠃ ᠮᠠᠯ ᠲᠠᠷᠢᠶᠠᠯᠠᠩ ᠤᠨ ᠠᠵᠦ ᠦᠢᠯᠡᠰ ᠤᠨ ᠪᠦᠰᠡ ᠳᠤ ᠲᠦᠰᠢᠭᠯᠡᠨ᠂ᠮᠠᠯ ᠲᠠᠷᠢᠶᠠᠯᠠᠩ ᠢ ᠬᠠᠮᠲᠤ ᠳᠤ | ᠨᠢ ᠬᠦᠭᠵᠢᠭᠦᠯᠬᠦ ᠲᠠᠪᠴᠠᠩ ᠢ ᠪᠦᠷᠢᠯᠳᠦᠭᠦᠯᠦᠨ᠂ ᠡᠨᠡ ᠬᠤᠶᠠᠭᠤᠯᠠ ᠶᠢ ᠬᠠᠮᠲᠠᠷᠠᠭᠤᠯᠤᠭᠰᠠᠨᠲ᠋ᠤᠷᠰᠢᠯᠲᠠ ᠶᠢᠨ | ᠴᠡᠭ ᠢ ᠪᠠᠶᠢᠭᠤᠯᠵᠤ᠂ ᠨᠢᠭᠡ ᠪᠦᠯᠦᠭ ︽ᠬᠦᠳᠡᠭᠡ ᠠᠵᠦ ᠠᠬᠤᠢ ᠲᠡᠮᠳᠡᠭᠳᠤ︾ ᠶᠢ ᠭᠤᠣᠯᠳᠠᠯᠭ᠎ᠠ ᠲᠠᠢ | ᠪᠠᠷᠬᠦ᠋ᠮᠦᠵᠢᠭᠦᠯᠵᠦ᠂ ᠬᠦᠳᠡᠭᠡ ᠲᠤᠰᠬᠤᠨ ᠤ ᠠᠵᠤ ᠦᠢᠯᠡᠰ ᠤᠨ ᠰᠦᠷᠦᠭᠵᠢᠯ ᠢ ᠠᠬᠢᠭᠤᠯᠤᠨ᠎ᠠ᠃ | 2019 ᠣᠨ ᠳᠤ ᠦᠪᠦᠷ ᠮᠣᠩᠭᠤᠯ ᠨᠢ ᠣᠷᠤᠰᠢᠨ ᠰᠠᠭᠤᠬᠤ ᠣᠷᠴᠢᠨ ᠢ ᠴᠡᠭᠴᠡᠯᠡᠬᠦ ᠠᠵᠢᠯ ᠢ ᠪᠦᠬᠦ | ᠲᠠᠯ᠎ᠠ ᠪᠠᠷ ᠡᠬᠢᠯᠡᠭᠦᠯᠦᠨ᠎ᠡ᠃ 2020 ᠣᠨ ᠪᠣᠯᠬᠤ ᠳᠤ 90% ᠶᠢᠨ ᠬᠦᠳᠡᠭᠡ ᠲᠤᠰᠬᠤᠨ ᠤ ᠬᠤᠭ ᠨᠣᠪᠰᠢ | ᠰᠢᠢᠳᠪᠦᠷᠢᠯᠡᠯᠲᠡ ᠪᠠᠨᠣᠯᠵᠤ᠂ ᠬᠦᠳᠡᠭᠡ ᠲᠤᠰᠬᠤᠨ ᠳᠠᠬᠢ ᠵᠣᠷᠯᠤᠩ ᠤᠨ ᠲᠦᠭᠡᠮᠡᠯᠵᠢᠯ ᠤᠨ ᠨᠣᠷᠮ᠎ᠠ ᠨᠢ 85% | ᠳᠤ ᠬᠦᠷᠴᠦ᠂ ᠪᠠᠰᠠ ᠨᠢᠭᠡ ᠪᠦᠯᠦᠭᠲ᠋ᠡᠭᠡᠳᠤ ᠬᠢᠷᠢ ᠲᠦᠪᠰᠢᠨ ᠪᠦᠬᠦᠢ ᠪᠠᠯᠭᠠᠳ ᠢ ᠪᠠᠶᠢᠭᠤᠯᠤᠨ᠎ᠠ ᠭᠡᠵᠦ | ᠲᠦᠯᠦᠪᠯᠵᠦ ᠪᠠᠶᠢᠨ᠎ᠠ᠃ |