ᠣᠷᠣᠰᠢᠭᠤᠯᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠬᠠᠤᠯᠢ ᠶᠣᠰᠣᠭᠠᠷ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠲᠦᠯᠦᠭᠡ 8 ᠰᠠᠷ᠎ᠠ ᠶᠢᠨ 15 ᠤ ᠦᠳᠡ ᠶᠢᠨ ᠡᠮᠦᠨ᠎ᠡ᠂ ᠰᠢᠨ᠎ᠡ | ᠬᠤᠲᠠ ᠲᠣᠭᠤᠷᠢᠭ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠣᠷᠣᠰᠢᠭᠤᠯᠭ᠎ᠠ ᠶᠢᠨ ᠬᠦᠷᠢᠶᠡᠨ ᠳᠠᠬᠢ | ᠲᠣᠪᠤᠶᠢᠮ᠎ᠠ ᠠᠰᠠᠭᠤᠳᠠᠯ ᠢ ᠲᠤᠰᠬᠠᠶ ᠵᠠᠰᠠᠬᠤ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ ᠪᠦᠬᠦᠢ | ᠶᠠᠪᠤᠳᠠᠯ ᠢ ᠵᠥᠪᠳᠡᠯᠴᠡᠵᠦ᠂ ᠬᠤᠷᠠᠯ ᠢ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠶᠠᠨ ᠿᠦ ᠡᠷᠬᠢᠯᠡᠨ᠂ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠠᠷᠪᠠᠨ ᠨᠢᠭᠡᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠬᠥᠬᠡᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ᠲᠤᠪᠤᠶᠢᠮ᠎ᠠ | ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠦᠷᠨᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ | ︽ᠰᠢᠨ᠎ᠡ ᠬᠤᠲᠠ ᠲᠣᠭᠤᠷᠢᠭ ᠤᠨ ᠣᠷᠣᠰᠢᠭᠤᠯᠭ᠎ᠠ ᠶᠢᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾᠂ ︽ᠰᠢᠨ᠎ᠡ ᠬᠤᠲᠠ | ᠲᠣᠭᠤᠷᠢᠭ ᠤᠨᠣᠷᠣᠰᠢᠭᠤᠯᠭᠠ ᠶᠢᠨ ᠦᠢᠯᠡᠴᠢᠯᠡᠭᠡᠨ ᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯ ᠤᠨᠬᠠᠮᠲᠤᠷᠠᠭᠰᠠᠨ ᠬᠤᠷᠠᠯᠳᠤᠭᠠᠨ ᠤ ᠳᠦᠷᠢᠮ︾ ᠶᠢ ᠤᠩᠰᠢᠨ ᠨᠡᠶᠢᠲᠡᠯᠡᠵᠦ ᠂ ᠲᠣᠰ | ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠪᠴᠢᠶ᠎ᠡ ᠂ ᠬᠠᠷᠠᠯᠲᠠᠲᠤ ᠡᠭᠦᠷᠭᠡ ᠂ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠣᠯ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ | ᠬᠤᠷᠠᠯ ᠠᠴᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠶᠢ ᠲᠣᠳᠣᠷᠬᠠᠶᠢᠯᠠᠵᠤ᠂ | ᠵᠠᠩᠭᠢᠯᠠᠭ᠎ᠠ ᠶᠢᠨ ᠴᠠᠭ ᠢ ᠡᠵᠡᠮᠳᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠢᠭᠲᠠ ᠬᠠᠮᠵᠢᠯᠴᠠᠨ ᠨᠠᠷᠢᠨ | ᠨᠢᠮᠪᠠᠶ ᠵᠣᠬᠢᠶᠠᠨ ᠪᠠᠶᠢᠭᠤᠯᠵᠤ᠂ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ 9 ᠰᠠᠷ᠎ᠠ ᠶᠢᠨ20 ᠠᠴᠠ | ᠡᠮᠤᠨ᠎ᠡ ᠣᠷᠣᠰᠢᠭᠤᠯᠭ᠎ᠠ ᠶᠢᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ |