ᠰᠢᠨᠬᠤᠸᠠ ᠮᠤᠩᠭᠤᠯ ᠨᠧᠲ ᠬᠦᠬᠡᠬᠤᠳᠠ ᠶᠢᠨ 8 ᠰᠠᠷ᠎ᠠ ᠶᠢᠨ 20 ᠤ ᠡᠳᠤᠷ ᠤᠨ ᠴᠠᠬᠢᠯᠭᠠᠨ ᠮᠡᠳᠡᠭᠡ ︵ | ᠪᠠᠢ ᠯᠢᠩ ᠳ᠋ᠢ︶ ︽ᠦᠪᠦᠷ ᠮᠤᠩᠭᠤᠯ ᠤᠨ ᠵᠢᠷᠤᠭᠳᠤ ᠰᠡᠳᠬᠦᠯ︾ 20 ᠤ ᠡᠳᠤᠷ ᠤᠯᠠᠭᠠᠨᠬᠦᠦ ᠶᠢᠨ ᠲᠤᠷᠠᠰᠬᠠᠯ ᠤᠨ | ᠤᠷᠳᠤᠨ ᠳᠤ ᠤᠯᠠᠭᠠᠨᠬᠦᠦ ᠶᠢᠨ ᠱᠤᠭᠤᠮᠠᠯ ᠬᠦᠷᠬᠡᠯᠡ᠃ | ︽︿ᠦᠪᠦᠷ ᠮᠤᠩᠭᠤᠯ ᠤᠨ ᠵᠢᠷᠤᠭᠳᠤ ᠰᠡᠳᠬᠦᠯ﹀ 1948 ᠤᠨ ᠤ 4 ᠰᠠᠷ᠎ᠠ ᠳᠤ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠡᠷᠢᠬᠦᠯᠡᠭᠴᠢ ᠪᠠᠶᠢᠭᠰᠠᠨ ᠤᠯᠠᠭᠠᠨᠬᠦᠦ ᠶᠢᠨ | ᠰᠠᠨᠠᠭᠠᠴᠢᠯᠠᠭ᠎ᠠ ᠪᠠ ᠵᠦᠪᠰᠢᠶᠡᠷᠡᠯ ᠲᠠᠢ ᠪᠠᠷ ᠬᠡᠪᠯᠡᠯ ᠡᠬᠢᠯᠡᠭᠰᠡᠨ ᠶᠤᠮ᠃ ᠦᠨᠦᠳᠦᠷ 70 ᠵᠢᠯ ᠤᠨ ᠤᠢ ᠪᠠᠨ | ᠲᠡᠮᠳᠡᠭᠯᠡᠬᠦ ᠲᠠᠰᠢᠷᠠᠮ ᠢᠶᠠᠷ ᠪᠢᠳᠡ ᠡᠨᠡᠬᠦ ᠦᠪᠡᠳᠡᠭᠰᠢ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠵᠤ᠂ ᠤᠯᠠᠭᠠᠨᠬᠦᠦ | ᠨᠦᠬᠦᠷ ᠢ ᠲᠤᠷᠠᠰᠤᠨ ᠰᠠᠨᠠᠭᠠᠯᠵᠠᠬᠤ ᠰᠡᠳᠬᠢᠯᠬᠡ ᠪᠠᠨ ᠢᠯᠡᠳᠬᠡᠯ᠎ᠡ᠃ ᠮᠦᠨ ᠡᠨᠡ ᠡᠳᠤᠷ ᠤᠯᠠᠭᠠᠨᠬᠦᠦ ᠨᠦᠬᠦᠷ ᠤᠨ | ᠱᠤᠭᠤᠮᠠᠯ ᠢ ᠬᠦᠷᠬᠡᠬᠦ ᠶᠤᠰᠤᠯᠠᠯ ᠢᠶᠠᠷ ᠲᠤᠬᠢᠶᠠᠯ ᠪᠤᠯᠭᠠᠨ ︿ᠦᠪᠦᠷ ᠮᠤᠩᠭᠤᠯ ᠤᠨ ᠵᠢᠷᠤᠭᠳᠤ ᠰᠡᠳᠬᠦᠯ﹀ ᠤᠭ ᠢᠶᠠᠨ | ᠮᠠᠷᠳᠠᠬᠤ ᠦᠭᠡᠢ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠠᠬᠢᠨ ᠪᠠᠷᠠᠯᠠᠵᠤ ᠳᠡᠮᠵᠢᠯᠴᠡᠨ ᠡᠶ᠎ᠡ | ᠨᠢᠬᠡᠳᠤᠯ ᠲᠠᠢ ᠪᠠᠷ ᠡᠬᠡ ᠤᠯᠤᠰ ᠤᠨ ᠤᠮᠠᠷᠠᠳᠤ ᠬᠢᠵᠠᠭᠠᠷ ᠤᠨ ᠦᠵᠡᠰᠬᠦᠯᠡᠩᠳᠤ ᠤᠷᠤᠨ ᠢᠶᠠᠨ ᠴᠤᠭᠴᠠᠯᠠᠬᠤ ᠳᠤ | ᠤᠯᠠᠮ ᠶᠡᠭᠡ ᠬᠦᠴᠦ ᠪᠠᠨ ᠡᠷᠬᠦᠬᠦ ᠪᠠᠷ ᠵᠤᠷᠢᠭ ᠢᠶᠠᠨ ᠢᠯᠡᠳᠬᠡᠵᠤ ᠪᠠᠶᠢᠨ᠎ᠠ︾ ᠬᠡᠵᠤ᠂ ︽ᠦᠪᠦᠷ ᠮᠤᠩᠭᠤᠯ ᠤᠨ | ᠵᠢᠷᠤᠭᠳᠤ ᠰᠡᠳᠬᠦᠯ︾ ᠤᠨ ᠵᠢᠷᠤᠭᠳᠤ ᠰᠡᠳᠬᠦᠯ ᠤᠨ ᠲᠠᠷᠤᠭ᠎ᠠ ᠪᠠᠶᠠᠨᠪᠤᠯᠠᠭ ᠶᠠᠷᠢᠪᠠ᠃ | ᠤᠶᠢᠯᠠᠭᠠᠭᠰᠠᠨ ᠢᠶᠠᠷ᠂ ︽ᠦᠪᠦᠷ ᠮᠤᠩᠭᠤᠯ ᠤᠨ ᠵᠢᠷᠤᠭᠳᠤ ᠰᠡᠳᠬᠦᠯ︾ ᠨᠢ ᠲᠤᠮᠳᠠᠳᠤ ᠤᠯᠤᠰ ᠤᠨ ᠡᠪ | ᠬᠠᠮᠳᠤ ᠨᠠᠮ ᠤᠨ ᠤᠳᠤᠷᠢᠳᠤᠯᠭ᠎ᠠ ᠳᠤᠤᠷᠠᠬᠢ ᠮᠠᠨ ᠤ ᠤᠯᠤᠰ ᠤᠨ ᠠᠩᠬᠠᠨ ᠤ ᠮᠤᠵᠢ ᠶᠢᠨ ᠵᠡᠷᠬᠡᠯᠡᠯ ᠤᠨ ᠴᠦᠬᠡᠨ | ᠲᠤᠭᠠᠳᠤ ᠦᠨᠳᠤᠰᠦᠳᠡᠨ ᠤ ᠦᠪᠡᠷᠳᠡᠬᠡᠨ ᠵᠠᠰᠠᠬᠤ ᠤᠷᠤᠨ ᠳᠤ᠂ ᠮᠤᠩᠭᠤᠯ ᠬᠢᠳᠠᠳ ᠬᠤᠤᠰ ᠬᠡᠯᠡ ᠪᠠᠷ ᠬᠡᠪᠯᠡᠯ | ᠡᠬᠢᠯᠡᠭᠰᠡᠨ ᠠᠩᠬᠠᠨ ᠤ ᠰᠡᠳᠬᠦᠯ᠂ ᠮᠦᠨ ᠦᠰᠦᠭ ᠵᠢᠷᠤᠭ ᠬᠠᠪᠰᠤᠷᠭᠠᠭᠰᠠᠨ ᠤᠯᠤᠰ ᠲᠦᠷᠦ ᠶᠢᠨ | ᠶᠠᠷᠦᠩᠬᠡᠶᠢᠯᠡᠭᠰᠡᠨ ᠴᠢᠨᠠᠷ ᠲᠠᠢ ᠰᠡᠳᠬᠦᠯ ᠪᠤᠯᠬᠤ ᠶᠤᠮ᠃ 70 ᠵᠢᠯ ᠤᠨ ᠲᠤᠷᠰᠢᠳᠠ ᠳᠤᠰ ᠰᠡᠳᠬᠦᠯ ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ -- ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠤ ᠬᠡᠷᠡᠯ | ᠰᠠᠴᠤᠷᠠᠩᠭᠤᠢ ᠬᠦᠭᠵᠢᠯᠳᠡ ᠶᠢᠨ ᠶᠠᠪᠤᠴᠠ ᠶᠢ ᠢᠳᠡᠪᠬᠢᠲᠡᠢ ᠮᠡᠳᠡᠭᠡᠯᠡᠵᠤ᠂ ᠲᠠᠯ᠎ᠠ ᠨᠤᠳᠤᠭ ᠤᠨ ᠰᠤᠶᠤᠯ ᠢ | ᠤᠯᠠᠮᠵᠢᠯᠠᠨ ᠬᠦᠭᠵᠢᠬᠦᠯᠬᠦ ᠳᠤ ᠵᠤᠬᠢᠬᠤ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ |