ᠴᠢᠩ ᠱᠦᠢ ᠾᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠣᠢ ᠵᠢᠮᠢᠰ ᠤᠨ ᠦᠢᠯᠡᠰ ᠢ ᠬᠥᠭᠵᠢᠭᠦᠯᠬᠦ ᠲᠤᠰᠬᠠᠶ ᠰᠡᠳᠦᠪᠲᠦ ᠵᠥᠪᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-08-23
     ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠵᠥᠪᠯᠡᠬᠦ ᠡᠭᠦᠷᠭᠡ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠭᠳᠠᠯ ᠢ ᠵᠥᠪᠯᠡᠬᠦ ᠦᠢᠯᠡᠳᠦᠯ ᠢ ᠦᠨᠡᠨ ᠬᠦ ᠪᠠᠳᠠᠷᠠᠭᠤᠯᠵᠤ᠂ ᠪᠦᠬᠦ ᠰᠢᠶᠠᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠵᠠᠭᠤᠨ ᠲᠦᠮᠡᠨ ᠮᠦ ᠤᠢ ᠵᠢᠮᠢᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠶᠢᠨ ᠲᠤᠰᠠᠳᠠ᠂ 8 ᠳ᠋ᠤᠭᠠᠷ ᠰᠠᠷ᠎ᠠ ᠶᠢᠨ 15 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠣᠢ ᠵᠢᠮᠢᠰ ᠤᠨ ᠦᠢᠯᠡᠰ ᠢ ᠬᠥᠭᠵᠢᠭᠦᠯᠬᠦ ᠲᠤᠰᠬᠠᠶ ᠰᠡᠳᠦᠪᠲᠦ ᠵᠥᠪᠯᠡᠬᠦ ᠬᠤᠷᠠᠯ ᠢ ᠬᠤᠷᠠᠯᠳᠤᠭᠤᠯᠪᠠ᠃      ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠯᠠᠨ ᠹᠧᠩ᠂ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᡁᠢ ᠠᠴᠠ ᠤᠢ ᠵᠢᠮᠢᠰ ᠤᠨ ᠦᠢᠯᠡᠰ ᠢ ᠬᠥᠭᠵᠢᠭᠦᠯᠬᠦ ᠲᠤᠬᠠᠶ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠳᠤ ᠨᠠᠷᠢᠨ ᠲᠣᠳᠣᠷᠬᠠᠶ ᠲᠣᠳᠣᠷᠬᠠᠶᠢᠯᠠᠯᠲᠠ ᠬᠢᠪᠡ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠲᠤᠰ ᠲᠤᠰ ᠥᠪᠡᠷ ᠤᠨ ᠰᠠᠨᠠᠯ ᠪᠣᠯᠤᠨ ᠰᠠᠨᠠᠭᠤᠯᠭ᠎ᠠ ᠪᠠᠨ ᠳᠤᠷᠠᠳᠪᠠ᠃      ᠯᠢ ᠯᠠᠨ ᠹᠧᠩ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠤᠢ ᠵᠢᠮᠢᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠶ ᠵᠢᠮᠢᠰ ᠤᠨ ᠦᠢᠯᠡᠰ ᠢ ᠬᠥᠭᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠡᠭᠡᠭᠰᠢᠯᠡᠭᠦᠯᠬᠦ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠤᠢ ᠪᠣᠯᠭᠠᠨ ᠦᠢᠯᠡᠳᠦᠯᠭᠡᠵᠢᠭᠦᠯᠬᠦ ᠴᠢᠬᠤᠯᠠ ᠭᠠᠷᠳᠠᠴᠠ ᠪᠣᠯᠬᠤ ᠪᠥᠭᠡᠳ ᠪᠠᠰᠠ ᠴᠤ ᠮᠠᠨ ᠤ ᠰᠢᠶᠠᠨ ᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠶᠢ ᠠᠬᠢᠭᠤᠯᠬᠤ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠨᠵᠡᠭᠡᠢ ᠲᠠᠨᠢᠵᠤ᠂ ᠵᠥᠪᠯᠡᠭᠰᠡᠨ ᠦᠷ᠎ᠡ ᠪᠦᠲᠦᠭᠡᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ᠃ ᠲᠣᠰ ᠤᠳᠠᠭ᠎ᠠ ᠶᠢᠨ ᠲᠤᠰᠬᠠᠶ ᠰᠡᠳᠦᠪᠲᠦ ᠵᠥᠪᠯᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠤᠬᠠᠮᠰᠠᠷ ᠪᠠ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠰᠢᠨᠡᠴᠢᠯᠡᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠢ ᠵᠢᠮᠢᠰ ᠤᠨ ᠦᠢᠯᠡᠰ ᠢ ᠬᠥᠭᠵᠢᠭᠦᠯᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠬᠤ᠂ ᠨᠠᠷᠠᠯᠢᠭ ᠠᠳᠬᠤᠬᠤ᠂ ᠯᠠᠪ ᠠᠳᠬᠤᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠡᠩ ᠬᠦᠴᠦᠲᠡᠶ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃      ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号