ᠦᠪᠦᠷ ᠮᠣᠩᠭᠤᠯ ᠤᠨ ᠵᠤᠬᠢᠶᠠᠯᠴᠢ ᠪᠤᠷᠵᠢᠬᠢᠨ᠂ ᠶᠤᠸᠠᠨ ᠶᠧ ᠯᠦ ᠰᠢᠶᠦ᠋ᠨ ᠤᠳᠬ᠎ᠠ ᠵᠤᠬᠢᠶᠠᠯ ᠤᠨ ᠱᠠᠩᠨᠠᠯ ᠲᠤᠰᠪᠠ
ᠨᠡᠶᠢᠲᠡᠯᠡᠭᠰᠡᠨ ᠴᠠᠭ᠄
2018-08-23
     ᠲᠤᠯᠤᠳᠤᠭᠠᠷ ᠬᠤᠭᠤᠴᠠᠭᠠᠨ ᠤ ᠯᠦ ᠰᠢᠶᠦ᠋ᠨ ᠤᠳᠬ᠎ᠠ ᠵᠤᠬᠢᠶᠠᠯ ᠤᠨ ᠱᠠᠩᠨᠠᠯ ᠬᠦᠷᠳᠡᠭᠰᠡᠨ ᠨᠠᠷᠡᠰ ᠢ ᠡᠮᠦᠨᠡᠬᠡᠨ ᠵᠠᠷᠯᠠᠪᠠ᠂ ᠦᠪᠦᠷ ᠮᠣᠩᠭᠤᠯ ᠤᠨ ᠤᠯᠠᠭᠠᠨᠬᠠᠳᠠ ᠬᠤᠳᠠ ᠶᠢᠨ ᠵᠤᠬᠢᠶᠠᠯᠴᠢ ᠪᠤᠷᠵᠢᠬᠢᠨ᠂ ᠶᠤᠸᠠᠨ ᠶᠧ ︽ᠤᠷᠤᠰᠤᠮ᠎ᠠ ᠵᠢᠷᠤᠭ᠎ᠠ︾ ᠨᠠᠶᠢᠷᠠᠭᠤᠯᠤᠯ ᠤᠨ ᠪᠦᠲᠦᠬᠡᠯ ᠢᠶᠠᠷ ᠢᠶᠠᠨ ᠱᠠᠩᠨᠠᠯ ᠲᠤᠰᠴᠠᠢ᠃     ᠪᠤᠷᠵᠢᠬᠢᠨ᠂ ᠶᠤᠸᠠᠨ ᠶᠧ ᠨᠢ ᠤᠯᠤᠰ ᠤᠨ ᠨᠢᠬᠡᠳᠤᠬᠡᠷ ᠵᠡᠷᠬᠡᠯᠡᠯ ᠤᠨ ᠵᠤᠬᠢᠶᠠᠯᠴᠢ᠂ ᠦᠬᠦᠯᠡᠯᠬᠡ᠂ ᠨᠠᠶᠢᠷᠠᠭᠤᠯᠤᠯ᠂ ᠷᠤᠮᠠᠨ ᠵᠡᠷᠬᠡ ᠶᠢᠨ ᠵᠢᠷᠠ ᠭᠠᠷᠤᠢ ᠳᠡᠬᠦᠪᠦᠷᠢ ᠲᠠᠢ᠃ ᠡᠮᠦᠨ᠎ᠡ ᠨᠢ ᠤᠯᠤᠰ ᠤᠨ ᠠᠵᠢᠨᠠᠢ ᠬᠦᠯᠦᠭ ᠱᠠᠩᠨᠠᠯ᠂ ᠠᠷᠠᠳ ᠤᠨ ᠤᠳᠬ᠎ᠠ ᠵᠤᠬᠢᠶᠠᠯ ᠰᠡᠳᠬᠦᠯ ᠤᠨ ᠱᠠᠩᠨᠠᠯ᠂ ᠦᠨᠢᠷ ᠴᠡᠴᠡᠭ ᠤᠳᠬ᠎ᠠ ᠵᠤᠬᠢᠶᠠᠯ ᠤᠨ ᠱᠠᠩᠨᠠᠯ᠂ ᠦᠪᠦᠷ ᠮᠣᠩᠭᠤᠯ ᠤᠨ ᠰᠤᠶᠤᠯ ᠤᠷᠠᠯᠢᠭ ᠤᠨ ᠲᠤᠰᠬᠠᠢ ᠬᠤᠪᠢ ᠨᠡᠮᠡᠷᠢ ᠦᠵᠡᠬᠦᠯᠦᠭᠴᠢ ᠱᠠᠩᠨᠠᠯ ᠭᠠᠷᠳᠠᠵᠤ ᠪᠠᠰᠠ ᠠᠯᠳᠠᠨ ᠮᠧᠳᠠᠯ ᠢᠶᠠᠷ ᠡᠩᠬᠡᠷ ᠢᠶᠠᠨ ᠮᠢᠯᠢᠶᠠᠯᠭᠠᠵᠤ ᠪᠠᠶᠢᠪᠠ᠃ ᠲᠡᠬᠦᠨ ᠤ ᠪᠦᠲᠦᠬᠡᠯ ᠨᠢ ᠪᠠᠭ᠎ᠠ ᠰᠤᠷᠭᠠᠭᠤᠯᠢ᠂ ᠠᠩᠬ᠎ᠠ ᠲᠤᠮᠳᠠᠳᠤ᠂ ᠦᠨᠳᠦᠷ ᠲᠤᠮᠳᠠᠳᠤ ᠪᠤᠯᠤᠨ ᠶᠡᠭᠡ ᠰᠤᠷᠭᠠᠭᠤᠯᠢ ᠶᠢᠨ ᠬᠢᠴᠢᠶᠡᠯ ᠤᠨ ᠪᠢᠴᠢᠭ ᠲᠤ ᠰᠤᠩᠬᠤᠭᠳᠠᠨ ᠤᠷᠤᠭᠰᠠᠨ ᠳᠡᠳᠦᠢ ᠦᠬᠡᠢ᠂ ᠲᠠᠯᠠᠢ ᠶᠢᠨ ᠬᠤᠶᠠᠷ ᠡᠷᠬᠢ ᠶᠢᠨ ᠬᠦᠮᠦᠰ ᠤᠨ ᠲᠠᠭᠠᠰᠢᠶᠠᠳᠠᠭ ᠠᠷᠪᠠᠨ ᠨᠠᠶᠢᠷᠠᠭᠤᠯᠤᠯ ᠤᠨ ᠵᠤᠬᠢᠶᠠᠯᠴᠢ ᠶᠢᠨ ᠨᠢᠬᠡ ᠪᠤᠯᠤᠭᠰᠠᠨ ᠶᠤᠮ᠃
    ︽ᠤᠷᠤᠰᠤᠮ᠎ᠠ ᠵᠢᠷᠤᠭ᠎ᠠ︾ ᠪᠤᠯ ᠪᠤᠷᠵᠢᠬᠢᠨ᠂ ᠶᠤᠸᠠᠨ ᠶᠧ ᠶᠢᠨ 2015 ᠤᠨ ᠠᠴᠠ ᠨᠠᠰᠢᠬᠢ ᠤᠯᠠᠭᠠᠨᠬᠠᠳᠠ ᠂ ᠲᠦᠩᠯᠢᠶᠤᠤ᠂ ᠬᠦᠯᠦᠨ ᠪᠤᠶᠢᠷ᠂ ᠰᠢᠯᠢ ᠶᠢᠨ ᠭᠤᠤᠯ ᠪᠤᠯᠤᠨ ᠠᠯᠠᠱᠠ ᠵᠡᠷᠬᠡ ᠮᠠᠯᠵᠢᠬᠤ ᠤᠷᠤᠨ ᠢᠶᠠᠷ ᠠᠮᠢᠳᠤᠷᠠᠯ ᠢ ᠪᠡᠶᠡᠴᠢᠯᠡᠨ ᠮᠡᠳᠡᠷᠡᠵᠦ ᠶᠠᠪᠤᠭᠠᠳ ᠳᠤᠭᠤᠷᠪᠢᠭᠰᠠᠨ ᠪᠦᠳᠦᠬᠡᠯ ᠪᠤᠯᠬᠤ ᠶᠤᠮ᠃ 2017 ᠤᠨ ᠤ 12 ᠰᠠᠷ᠎ᠠ ᠳᠤ ᠬᠤᠨᠠᠨ ᠤ ᠰᠤᠶᠤᠯ ᠤᠷᠠᠯᠢᠭ ᠤᠨ ᠬᠡᠪᠯᠡᠯ ᠤᠨ ᠬᠤᠷᠢᠶᠠᠨ ᠠᠴᠠ ᠬᠡᠪᠯᠡᠨ ᠲᠠᠷᠬᠠᠭᠠᠵᠠᠢ᠃ ᠲᠠᠯ᠎ᠠ ᠨᠤᠳᠤᠭ ᠪᠤᠯᠤᠨ ᠮᠣᠩᠭᠤᠯ ᠦᠨᠳᠤᠰᠦᠳᠡᠨ ᠤ ᠮᠠᠯᠴᠢᠳ ᠤᠨ ᠠᠮᠢᠳᠤᠷᠠᠯ ᠢᠶᠠᠷ ᠰᠡᠳᠤᠪᠯᠡᠭᠰᠡᠨ᠂ ᠰᠠᠨᠠᠭ᠎ᠠ ᠨᠢ ᠰᠢᠨ᠎ᠡ ᠰᠡᠪᠡᠬᠦᠨ᠂ ᠤᠳᠬ᠎ᠠ ᠨᠢ ᠬᠦᠨ ᠬᠦᠨᠵᠡᠬᠡᠢ ᠪᠠᠷ ᠢᠶᠠᠨ ᠲᠠᠯ᠎ᠠ ᠨᠤᠳᠤᠭ ᠤᠨ ᠤᠷᠠᠨ ᠵᠤᠬᠢᠶᠠᠯ ᠤᠨ ᠤᠷᠬᠢᠯ ᠳᠤ ᠬᠦᠷᠴᠤ ᠴᠢᠳᠠᠭᠰᠠᠨ ᠬᠡᠮᠡᠨ ᠦᠨᠡᠯᠡᠭᠳᠡᠪᠡ᠃
 
ᠢᠷᠡᠯᠲᠡ᠄ ᠬᠦᠬᠡᠬᠤᠳᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号