ᠲᠤᠯᠤᠳᠤᠭᠠᠷ ᠬᠤᠭᠤᠴᠠᠭᠠᠨ ᠤ ᠯᠦ ᠰᠢᠶᠦ᠋ᠨ ᠤᠳᠬ᠎ᠠ ᠵᠤᠬᠢᠶᠠᠯ ᠤᠨ ᠱᠠᠩᠨᠠᠯ ᠬᠦᠷᠳᠡᠭᠰᠡᠨ ᠨᠠᠷᠡᠰ ᠢ ᠡᠮᠦᠨᠡᠬᠡᠨ ᠵᠠᠷᠯᠠᠪᠠ᠂ ᠦᠪᠦᠷ ᠮᠣᠩᠭᠤᠯ ᠤᠨ | ᠤᠯᠠᠭᠠᠨᠬᠠᠳᠠ ᠬᠤᠳᠠ ᠶᠢᠨ ᠵᠤᠬᠢᠶᠠᠯᠴᠢ ᠪᠤᠷᠵᠢᠬᠢᠨ᠂ ᠶᠤᠸᠠᠨ ᠶᠧ ︽ᠤᠷᠤᠰᠤᠮ᠎ᠠ ᠵᠢᠷᠤᠭ᠎ᠠ︾ ᠨᠠᠶᠢᠷᠠᠭᠤᠯᠤᠯ ᠤᠨ ᠪᠦᠲᠦᠬᠡᠯ ᠢᠶᠠᠷ ᠢᠶᠠᠨ ᠱᠠᠩᠨᠠᠯ ᠲᠤᠰᠴᠠᠢ᠃ | ᠪᠤᠷᠵᠢᠬᠢᠨ᠂ ᠶᠤᠸᠠᠨ ᠶᠧ ᠨᠢ ᠤᠯᠤᠰ ᠤᠨ ᠨᠢᠬᠡᠳᠤᠬᠡᠷ ᠵᠡᠷᠬᠡᠯᠡᠯ ᠤᠨ ᠵᠤᠬᠢᠶᠠᠯᠴᠢ᠂ ᠦᠬᠦᠯᠡᠯᠬᠡ᠂ ᠨᠠᠶᠢᠷᠠᠭᠤᠯᠤᠯ᠂ ᠷᠤᠮᠠᠨ ᠵᠡᠷᠬᠡ ᠶᠢᠨ ᠵᠢᠷᠠ ᠭᠠᠷᠤᠢ | ᠳᠡᠬᠦᠪᠦᠷᠢ ᠲᠠᠢ᠃ ᠡᠮᠦᠨ᠎ᠡ ᠨᠢ ᠤᠯᠤᠰ ᠤᠨ ᠠᠵᠢᠨᠠᠢ ᠬᠦᠯᠦᠭ ᠱᠠᠩᠨᠠᠯ᠂ ᠠᠷᠠᠳ ᠤᠨ ᠤᠳᠬ᠎ᠠ ᠵᠤᠬᠢᠶᠠᠯ ᠰᠡᠳᠬᠦᠯ ᠤᠨ ᠱᠠᠩᠨᠠᠯ᠂ ᠦᠨᠢᠷ ᠴᠡᠴᠡᠭ ᠤᠳᠬ᠎ᠠ | ᠵᠤᠬᠢᠶᠠᠯ ᠤᠨ ᠱᠠᠩᠨᠠᠯ᠂ ᠦᠪᠦᠷ ᠮᠣᠩᠭᠤᠯ ᠤᠨ ᠰᠤᠶᠤᠯ ᠤᠷᠠᠯᠢᠭ ᠤᠨ ᠲᠤᠰᠬᠠᠢ ᠬᠤᠪᠢ ᠨᠡᠮᠡᠷᠢ ᠦᠵᠡᠬᠦᠯᠦᠭᠴᠢ ᠱᠠᠩᠨᠠᠯ ᠭᠠᠷᠳᠠᠵᠤ ᠪᠠᠰᠠ ᠠᠯᠳᠠᠨ | ᠮᠧᠳᠠᠯ ᠢᠶᠠᠷ ᠡᠩᠬᠡᠷ ᠢᠶᠠᠨ ᠮᠢᠯᠢᠶᠠᠯᠭᠠᠵᠤ ᠪᠠᠶᠢᠪᠠ᠃ ᠲᠡᠬᠦᠨ ᠤ ᠪᠦᠲᠦᠬᠡᠯ ᠨᠢ ᠪᠠᠭ᠎ᠠ ᠰᠤᠷᠭᠠᠭᠤᠯᠢ᠂ ᠠᠩᠬ᠎ᠠ ᠲᠤᠮᠳᠠᠳᠤ᠂ ᠦᠨᠳᠦᠷ ᠲᠤᠮᠳᠠᠳᠤ ᠪᠤᠯᠤᠨ ᠶᠡᠭᠡ | ᠰᠤᠷᠭᠠᠭᠤᠯᠢ ᠶᠢᠨ ᠬᠢᠴᠢᠶᠡᠯ ᠤᠨ ᠪᠢᠴᠢᠭ ᠲᠤ ᠰᠤᠩᠬᠤᠭᠳᠠᠨ ᠤᠷᠤᠭᠰᠠᠨ ᠳᠡᠳᠦᠢ ᠦᠬᠡᠢ᠂ ᠲᠠᠯᠠᠢ ᠶᠢᠨ ᠬᠤᠶᠠᠷ ᠡᠷᠬᠢ ᠶᠢᠨ ᠬᠦᠮᠦᠰ ᠤᠨ ᠲᠠᠭᠠᠰᠢᠶᠠᠳᠠᠭ | ᠠᠷᠪᠠᠨ ᠨᠠᠶᠢᠷᠠᠭᠤᠯᠤᠯ ᠤᠨ ᠵᠤᠬᠢᠶᠠᠯᠴᠢ ᠶᠢᠨ ᠨᠢᠬᠡ ᠪᠤᠯᠤᠭᠰᠠᠨ ᠶᠤᠮ᠃ | | ︽ᠤᠷᠤᠰᠤᠮ᠎ᠠ ᠵᠢᠷᠤᠭ᠎ᠠ︾ ᠪᠤᠯ ᠪᠤᠷᠵᠢᠬᠢᠨ᠂ ᠶᠤᠸᠠᠨ ᠶᠧ ᠶᠢᠨ 2015 ᠤᠨ ᠠᠴᠠ ᠨᠠᠰᠢᠬᠢ ᠤᠯᠠᠭᠠᠨᠬᠠᠳᠠ᠂ ᠲᠦᠩᠯᠢᠶᠤᠤ᠂ ᠬᠦᠯᠦᠨ ᠪᠤᠶᠢᠷ᠂ | ᠰᠢᠯᠢ ᠶᠢᠨ ᠭᠤᠤᠯ ᠪᠤᠯᠤᠨ ᠠᠯᠠᠱᠠ ᠵᠡᠷᠬᠡ ᠮᠠᠯᠵᠢᠬᠤ ᠤᠷᠤᠨ ᠢᠶᠠᠷ ᠠᠮᠢᠳᠤᠷᠠᠯ ᠢ ᠪᠡᠶᠡᠴᠢᠯᠡᠨ ᠮᠡᠳᠡᠷᠡᠵᠦ ᠶᠠᠪᠤᠭᠠᠳ ᠳᠤᠭᠤᠷᠪᠢᠭᠰᠠᠨ ᠪᠦᠳᠦᠬᠡᠯ ᠪᠤᠯᠬᠤ ᠶᠤᠮ᠃ | 2017 ᠤᠨ ᠤ 12 ᠰᠠᠷ᠎ᠠ ᠳᠤ ᠬᠤᠨᠠᠨ ᠤ ᠰᠤᠶᠤᠯ ᠤᠷᠠᠯᠢᠭ ᠤᠨ ᠬᠡᠪᠯᠡᠯ ᠤᠨ ᠬᠤᠷᠢᠶᠠᠨ ᠠᠴᠠ ᠬᠡᠪᠯᠡᠨ ᠲᠠᠷᠬᠠᠭᠠᠵᠠᠢ᠃ ᠲᠠᠯ᠎ᠠ ᠨᠤᠳᠤᠭ ᠪᠤᠯᠤᠨ ᠮᠣᠩᠭᠤᠯ | ᠦᠨᠳᠤᠰᠦᠳᠡᠨ ᠤ ᠮᠠᠯᠴᠢᠳ ᠤᠨ ᠠᠮᠢᠳᠤᠷᠠᠯ ᠢᠶᠠᠷ ᠰᠡᠳᠤᠪᠯᠡᠭᠰᠡᠨ᠂ ᠰᠠᠨᠠᠭ᠎ᠠ ᠨᠢ ᠰᠢᠨ᠎ᠡ ᠰᠡᠪᠡᠬᠦᠨ᠂ ᠤᠳᠬ᠎ᠠ ᠨᠢ ᠬᠦᠨ ᠬᠦᠨᠵᠡᠬᠡᠢ ᠪᠠᠷ ᠢᠶᠠᠨ ᠲᠠᠯ᠎ᠠ | ᠨᠤᠳᠤᠭ ᠤᠨ ᠤᠷᠠᠨ ᠵᠤᠬᠢᠶᠠᠯ ᠤᠨ ᠤᠷᠬᠢᠯ ᠳᠤ ᠬᠦᠷᠴᠤ ᠴᠢᠳᠠᠭᠰᠠᠨ ᠬᠡᠮᠡᠨ ᠦᠨᠡᠯᠡᠭᠳᠡᠪᠡ᠃ |