8 ᠰᠠᠷ᠎ᠠ ᠶᠢᠨ 22 ᠤᠨ ᠡᠳᠤᠷ ᠤᠨ ᠦᠳᠡ ᠠᠴᠠ ᠡᠮᠦᠨ᠎ᠡ᠂ ᠲᠤᠮᠳᠠᠳᠤ ᠤᠯᠤᠰ᠂ ᠬᠦᠬᠡᠲᠠᠯ᠎ᠠ ᠶᠢᠨ | ᠮᠣᠩᠭᠤᠯ ᠠᠳᠤᠭᠤᠨ ᠰᠤᠶᠤᠯ ᠤᠷᠠᠯᠢᠭ ᠤᠨ ᠨᠠᠶᠢᠷ ᠤᠨ ᠬᠡᠪᠯᠡᠯ ᠮᠡᠳᠡᠬᠡᠯᠡᠯ ᠤᠨ ᠬᠤᠷᠠᠯ ᠬᠦᠬᠡᠬᠤᠳᠠ ᠳᠤ ᠬᠢᠪᠡ᠃ | ᠰᠤᠷᠪᠤᠯᠵᠢᠯᠠᠭᠴᠢ ᠬᠤᠷᠠᠯ ᠠᠴᠠ ᠤᠶᠢᠯᠠᠭᠠᠭᠰᠠᠨ ᠢᠶᠠᠷ᠂ ᠠᠩᠬᠠᠳᠤᠬᠠᠷ ᠬᠤᠭᠤᠴᠠᠭᠠᠨ ᠤ ︽ᠲᠤᠮᠳᠠᠳᠤ ᠤᠯᠤᠰ᠂ | ᠬᠦᠬᠡᠲᠠᠯ᠎ᠠ ᠶᠢᠨ ᠮᠣᠩᠭᠤᠯ ᠠᠳᠤᠭᠤᠨ ᠰᠤᠶᠤᠯ ᠤᠷᠠᠯᠢᠭ ᠤᠨ ᠨᠠᠶᠢᠷ︾ 8 ᠰᠠᠷ᠎ᠠ ᠶᠢᠨ 27 ᠤ ᠡᠳᠤᠷ | ᠨᠡᠬᠡᠬᠡᠯᠳᠡ ᠪᠠᠨ ᠬᠢᠵᠤ᠂ 9 ᠰᠠᠷ᠎ᠠ ᠶᠢᠨ 2 ᠤᠨ ᠡᠳᠤᠷ ᠪᠤᠯᠳᠠᠯ᠎ᠠ 7 ᠡᠳᠤᠷ ᠤᠨ ᠬᠤᠭᠤᠴᠠᠭ᠎ᠠ ᠲᠠᠢ ᠦᠷᠬᠦᠯᠵᠢᠯᠡᠨ᠎ᠡ | ᠃ | ᠤᠶᠢᠯᠠᠭᠠᠭᠰᠠᠨ ᠢᠶᠠᠷ᠂ ᠦᠪᠦᠷ ᠮᠣᠩᠭᠤᠯ ᠤᠨ ᠲᠦᠪ ᠬᠦᠬᠡᠬᠤᠳᠠ ᠶᠢᠨ ᠲᠠᠪᠠᠭᠤᠯᠢᠭ ᠢ ᠪᠠᠳᠠᠷᠠᠭᠤᠯᠵᠤ᠂ | ᠬᠦᠬᠡᠬᠤᠳᠠ ᠶᠢᠨ ᠲᠠᠯ᠎ᠠ ᠨᠤᠳᠤᠭ ᠤᠨ ᠠᠶᠠᠯᠠᠯ ᠵᠢᠭᠤᠯᠴᠢᠯᠠᠯ ᠤᠨ ᠰᠢᠨ᠎ᠡ ᠦᠢᠯᠡᠰ ᠢ ᠪᠦᠳᠦᠭᠡᠵᠦ᠂ ᠮᠣᠩᠭᠤᠯ | ᠠᠳᠤᠭᠤᠨ ᠰᠤᠶᠤᠯ ᠲᠡᠦᠬᠡ ᠶᠢ ᠬᠦᠢᠴᠡᠳ ᠠᠭᠤᠳᠠᠯᠯᠠᠨ ᠢᠯᠡᠷᠡᠬᠦᠯᠵᠤ᠂ ᠠᠳᠤᠭᠤᠨ ᠰᠤᠶᠤᠯ ᠤᠨ ᠦᠢᠯᠡᠰ ᠤᠨ | ᠬᠦᠭᠵᠢᠬᠦ ᠶᠢ ᠲᠦᠷᠭᠡᠳᠬᠡᠵᠤ᠂ ᠬᠦᠬᠡᠬᠤᠳᠠ ᠶᠢ ︽ᠤᠯᠠᠨ ᠤᠯᠤᠰ ᠤᠨ ᠠᠳᠤᠭᠤᠨ ᠨᠤᠳᠤᠬ︾ ᠪᠤᠯᠭᠠᠨ | ᠪᠠᠶᠢᠭᠤᠯᠬᠤ ᠪᠠᠷ ᠴᠢᠷᠮᠠᠶᠢᠬᠤ ᠶᠢᠨ ᠬᠠᠮᠳᠤ ᠢᠷᠡᠬᠦ ᠵᠢᠯ ᠤᠯᠤᠰ ᠲᠠᠶᠠᠭᠠᠷ ᠤᠨ ᠴᠢᠨᠠᠭᠰᠢᠯᠠᠪᠠᠯ ᠠᠽᠢᠶ᠎ᠠ ᠲᠢᠪ ᠲᠤ | ᠬᠡᠪᠴᠢᠶ᠎ᠡ ᠪᠠᠷ ᠦᠷᠬᠡᠨ᠂ ᠨᠦᠯᠦᠬᠡᠯᠡᠬᠦ ᠴᠢᠨᠠᠷ ᠢᠶᠠᠷ ᠦᠷᠭᠡᠨ ᠠᠳᠤᠭᠤᠨ ᠰᠤᠶᠤᠯ ᠤᠨ ᠦᠵᠡᠰᠬᠦᠯᠡᠩ ᠡᠷᠬᠢᠯᠡᠬᠦ ᠪᠠᠷ | ᠲᠦᠯᠦᠪᠯᠡᠵᠤ᠂ ᠠᠳᠤᠭᠤᠨ ᠰᠤᠶᠤᠯ ᠤᠨ ᠨᠡᠷᠡᠳᠤ ᠪᠷᠧᠨ᠋ᠳ᠋ ᠢ ᠪᠤᠢ ᠪᠤᠯᠭᠠᠵᠤ᠂ ᠤᠷᠤᠨ ᠲᠠᠶᠠᠭᠠᠷ ᠤᠨ ᠠᠳᠤᠭᠤᠨ | ᠰᠤᠶᠤᠯ ᠪᠤᠯᠤᠨ ᠠᠳᠤᠭᠤᠨ ᠦᠢᠯᠡᠰ ᠤᠨ ᠦᠷᠨᠢᠨ ᠬᠦᠭᠵᠢᠬᠦ ᠶᠢ ᠬᠦᠨᠵᠡᠬᠡᠢ ᠠᠬᠢᠭᠤᠯᠤᠨ᠎ᠠ᠃ | ᠲᠤᠰ ᠤᠳᠠᠭᠠᠨ ᠤ ᠠᠵᠢᠯᠯᠠᠭ᠎ᠠ ᠨᠢ ᠲᠤᠯᠤᠭᠠᠨ ᠡᠳᠤᠷ ᠤᠨ ᠴᠤᠪᠤᠷᠠᠯ ᠠᠵᠢᠯᠯᠠᠭ᠎ᠠ ᠪᠠᠷ ᠲᠠᠮᠵᠢᠨ ᠪᠠᠶᠢᠭᠠᠯᠢ | ᠤᠷᠴᠢᠨ ᠤ ᠨᠤᠭᠤᠭᠠᠷᠠᠭᠤᠯᠤᠯᠳᠠ᠂ ᠲᠡᠳ᠋ ᠪᠦᠲᠦᠴᠡ ᠶᠢᠨ ᠪᠠᠶᠢᠭᠤᠯᠤᠯᠳᠠ ᠪᠠᠷ ᠢᠷᠭᠡᠳ ᠲᠤ ᠠᠰᠢᠭ ᠬᠦᠷᠳᠡᠭᠡᠨ᠂ | ᠬᠦᠬᠡᠬᠤᠳᠠ ᠶᠢ ︽ᠤᠯᠠᠨ ᠤᠯᠤᠰ ᠤᠨ ᠠᠳᠤᠭᠤᠨ ᠤ ᠨᠤᠳᠤᠭ︾ ᠪᠤᠯᠭᠠᠨ ᠪᠠᠶᠢᠭᠤᠯᠬᠤ ᠪᠤᠯᠤᠨ ᠢᠷᠡᠬᠦ ᠵᠢᠯ ᠤᠨ | ᠲᠤᠮᠳᠠᠳᠤ ᠮᠣᠩᠭᠤᠯ ᠤᠨ ᠦᠵᠡᠰᠬᠦᠯᠡᠩ᠂ ᠠᠳᠤᠭᠤᠨ ᠰᠤᠶᠤᠯ ᠤᠨ ᠦᠵᠡᠰᠬᠦᠯᠡᠩ ᠡᠷᠬᠢᠯᠡᠬᠦ ᠳᠤ ᠰᠠᠭᠤᠷᠢ ᠲᠠᠯᠪᠢᠵᠤ | ᠂ ᠬᠦᠬᠡᠬᠤᠳᠠ ᠶᠢᠨ ᠲᠠᠯ᠎ᠠ ᠨᠤᠳᠤᠭ ᠤᠨ ᠠᠶᠠᠯᠠᠯ ᠵᠢᠭᠤᠯᠴᠢᠯᠠᠯ ᠤᠨ ᠦᠷᠨᠢᠨ ᠬᠦᠭᠵᠢᠵᠤ ᠲᠡᠯᠡᠬᠡᠢ ᠶᠢᠨ ᠲᠠᠪᠴᠠᠩ ᠳᠤ | ᠭᠠᠷᠬᠤ ᠶᠢ ᠠᠬᠢᠭᠤᠯᠵᠤ᠂ ︽ᠰᠢᠷᠭᠠᠭᠤ ᠬᠠᠳᠠᠭᠤᠵᠢᠯᠲᠠᠢ︾ ᠲᠡᠮᠡᠤᠯᠡᠬᠦ ᠮᠣᠩᠭᠤᠯ ᠮᠤᠷᠢᠨ ᠤ ᠵᠤᠷᠢᠭ ᠰᠠᠨᠠᠭ᠎ᠠ ᠶᠢ | ᠤᠯᠠᠮᠵᠢᠯᠠᠬᠤ ᠶᠢ ᠵᠤᠷᠢᠭᠰᠠᠨ ᠪᠠᠶᠢᠨ᠎ᠠ᠃ |