ᠲᠤᠮᠳᠠᠳᠤ ᠤᠯᠤᠰ᠂ ᠬᠦᠬᠡᠲᠠᠯ᠎ᠠ ᠶᠢᠨ ᠮᠣᠩᠭᠤᠯ ᠠᠳᠤᠭᠤᠨ ᠰᠤᠶᠤᠯ ᠤᠷᠠᠯᠢᠭ ᠤᠨ ᠨᠠᠶᠢᠷ 8 ᠰᠠᠷ᠎ᠠ ᠶᠢᠨ 27 ᠤ ᠡᠳᠤᠷ ᠨᠡᠬᠡᠬᠡᠯᠳᠡ ᠪᠠᠨ ᠬᠢᠨ᠎ᠡ
ᠨᠡᠶᠢᠲᠡᠯᠡᠭᠰᠡᠨ ᠴᠠᠭ᠄
2018/8/24
      8 ᠰᠠᠷ᠎ᠠ ᠶᠢᠨ 22 ᠤᠨ ᠡᠳᠤᠷ ᠤᠨ ᠦᠳᠡ ᠠᠴᠠ ᠡᠮᠦᠨ᠎ᠡ᠂ ᠲᠤᠮᠳᠠᠳᠤ ᠤᠯᠤᠰ᠂ ᠬᠦᠬᠡᠲᠠᠯ᠎ᠠ ᠶᠢᠨ ᠮᠣᠩᠭᠤᠯ ᠠᠳᠤᠭᠤᠨ ᠰᠤᠶᠤᠯ ᠤᠷᠠᠯᠢᠭ ᠤᠨ ᠨᠠᠶᠢᠷ ᠤᠨ ᠬᠡᠪᠯᠡᠯ ᠮᠡᠳᠡᠬᠡᠯᠡᠯ ᠤᠨ ᠬᠤᠷᠠᠯ ᠬᠦᠬᠡᠬᠤᠳᠠ ᠳᠤ ᠬᠢᠪᠡ᠃ ᠰᠤᠷᠪᠤᠯᠵᠢᠯᠠᠭᠴᠢ ᠬᠤᠷᠠᠯ ᠠᠴᠠ ᠤᠶᠢᠯᠠᠭᠠᠭᠰᠠᠨ ᠢᠶᠠᠷ᠂ ᠠᠩᠬᠠᠳᠤᠬᠠᠷ ᠬᠤᠭᠤᠴᠠᠭᠠᠨ ᠤ ︽ᠲᠤᠮᠳᠠᠳᠤ ᠤᠯᠤᠰ᠂ ᠬᠦᠬᠡᠲᠠᠯ᠎ᠠ ᠶᠢᠨ ᠮᠣᠩᠭᠤᠯ ᠠᠳᠤᠭᠤᠨ ᠰᠤᠶᠤᠯ ᠤᠷᠠᠯᠢᠭ ᠤᠨ ᠨᠠᠶᠢᠷ︾ 8 ᠰᠠᠷ᠎ᠠ ᠶᠢᠨ 27 ᠤ ᠡᠳᠤᠷ ᠨᠡᠬᠡᠬᠡᠯᠳᠡ ᠪᠠᠨ ᠬᠢᠵᠤ᠂ 9 ᠰᠠᠷ᠎ᠠ ᠶᠢᠨ 2 ᠤᠨ ᠡᠳᠤᠷ ᠪᠤᠯᠳᠠᠯ᠎ᠠ 7 ᠡᠳᠤᠷ ᠤᠨ ᠬᠤᠭᠤᠴᠠᠭ᠎ᠠ ᠲᠠᠢ ᠦᠷᠬᠦᠯᠵᠢᠯᠡᠨ᠎ᠡ᠃     ᠤᠶᠢᠯᠠᠭᠠᠭᠰᠠᠨ ᠢᠶᠠᠷ᠂ ᠦᠪᠦᠷ ᠮᠣᠩᠭᠤᠯ ᠤᠨ ᠲᠦᠪ ᠬᠦᠬᠡᠬᠤᠳᠠ ᠶᠢᠨ ᠲᠠᠪᠠᠭᠤᠯᠢᠭ ᠢ ᠪᠠᠳᠠᠷᠠᠭᠤᠯᠵᠤ᠂ ᠬᠦᠬᠡᠬᠤᠳᠠ ᠶᠢᠨ ᠲᠠᠯ᠎ᠠ ᠨᠤᠳᠤᠭ ᠤᠨ ᠠᠶᠠᠯᠠᠯ ᠵᠢᠭᠤᠯᠴᠢᠯᠠᠯ ᠤᠨ ᠰᠢᠨ᠎ᠡ ᠦᠢᠯᠡᠰ ᠢ ᠪᠦᠳᠦᠭᠡᠵᠦ᠂ ᠮᠣᠩᠭᠤᠯ ᠠᠳᠤᠭᠤᠨ ᠰᠤᠶᠤᠯ ᠲᠡᠦᠬᠡ ᠶᠢ ᠬᠦᠢᠴᠡᠳ ᠠᠭᠤᠳᠠᠯᠯᠠᠨ ᠢᠯᠡᠷᠡᠬᠦᠯᠵᠤ᠂ ᠠᠳᠤᠭᠤᠨ ᠰᠤᠶᠤᠯ ᠤᠨ ᠦᠢᠯᠡᠰ ᠤᠨ ᠬᠦᠭᠵᠢᠬᠦ ᠶᠢ ᠲᠦᠷᠭᠡᠳᠬᠡᠵᠤ᠂ ᠬᠦᠬᠡᠬᠤᠳᠠ ᠶᠢ ︽ᠤᠯᠠᠨ ᠤᠯᠤᠰ ᠤᠨ ᠠᠳᠤᠭᠤᠨ ᠨᠤᠳᠤᠬ︾ ᠪᠤᠯᠭᠠᠨ ᠪᠠᠶᠢᠭᠤᠯᠬᠤ ᠪᠠᠷ ᠴᠢᠷᠮᠠᠶᠢᠬᠤ ᠶᠢᠨ ᠬᠠᠮᠳᠤ ᠢᠷᠡᠬᠦ ᠵᠢᠯ ᠤᠯᠤᠰ ᠲᠠᠶᠠᠭᠠᠷ ᠤᠨ ᠴᠢᠨᠠᠭᠰᠢᠯᠠᠪᠠᠯ ᠠᠽᠢᠶ᠎ᠠ ᠲᠢᠪ ᠲᠤ ᠬᠡᠪᠴᠢᠶ᠎ᠡ ᠪᠠᠷ ᠦᠷᠬᠡᠨ᠂ ᠨᠦᠯᠦᠬᠡᠯᠡᠬᠦ ᠴᠢᠨᠠᠷ ᠢᠶᠠᠷ ᠦᠷᠭᠡᠨ ᠠᠳᠤᠭᠤᠨ ᠰᠤᠶᠤᠯ ᠤᠨ ᠦᠵᠡᠰᠬᠦᠯᠡᠩ ᠡᠷᠬᠢᠯᠡᠬᠦ ᠪᠠᠷ ᠲᠦᠯᠦᠪᠯᠡᠵᠤ᠂ ᠠᠳᠤᠭᠤᠨ ᠰᠤᠶᠤᠯ ᠤᠨ ᠨᠡᠷᠡᠳᠤ ᠪᠷᠧᠨ᠋ᠳ᠋ ᠢ ᠪᠤᠢ ᠪᠤᠯᠭᠠᠵᠤ᠂ ᠤᠷᠤᠨ ᠲᠠᠶᠠᠭᠠᠷ ᠤᠨ ᠠᠳᠤᠭᠤᠨ ᠰᠤᠶᠤᠯ ᠪᠤᠯᠤᠨ ᠠᠳᠤᠭᠤᠨ ᠦᠢᠯᠡᠰ ᠤᠨ ᠦᠷᠨᠢᠨ ᠬᠦᠭᠵᠢᠬᠦ ᠶᠢ ᠬᠦᠨᠵᠡᠬᠡᠢ ᠠᠬᠢᠭᠤᠯᠤᠨ᠎ᠠ᠃     ᠲᠤᠰ ᠤᠳᠠᠭᠠᠨ ᠤ ᠠᠵᠢᠯᠯᠠᠭ᠎ᠠ ᠨᠢ ᠲᠤᠯᠤᠭᠠᠨ ᠡᠳᠤᠷ ᠤᠨ ᠴᠤᠪᠤᠷᠠᠯ ᠠᠵᠢᠯᠯᠠᠭ᠎ᠠ ᠪᠠᠷ ᠲᠠᠮᠵᠢᠨ ᠪᠠᠶᠢᠭᠠᠯᠢ ᠤᠷᠴᠢᠨ ᠤ ᠨᠤᠭᠤᠭᠠᠷᠠᠭᠤᠯᠤᠯᠳᠠ᠂ ᠲᠡᠳ᠋ ᠪᠦᠲᠦᠴᠡ ᠶᠢᠨ ᠪᠠᠶᠢᠭᠤᠯᠤᠯᠳᠠ ᠪᠠᠷ ᠢᠷᠭᠡᠳ ᠲᠤ ᠠᠰᠢᠭ ᠬᠦᠷᠳᠡᠭᠡᠨ᠂ ᠬᠦᠬᠡᠬᠤᠳᠠ ᠶᠢ ︽ᠤᠯᠠᠨ ᠤᠯᠤᠰ ᠤᠨ ᠠᠳᠤᠭᠤᠨ ᠤ ᠨᠤᠳᠤᠭ︾ ᠪᠤᠯᠭᠠᠨ ᠪᠠᠶᠢᠭᠤᠯᠬᠤ ᠪᠤᠯᠤᠨ ᠢᠷᠡᠬᠦ ᠵᠢᠯ ᠤᠨ ᠲᠤᠮᠳᠠᠳᠤ ᠮᠣᠩᠭᠤᠯ ᠤᠨ ᠦᠵᠡᠰᠬᠦᠯᠡᠩ᠂ ᠠᠳᠤᠭᠤᠨ ᠰᠤᠶᠤᠯ ᠤᠨ ᠦᠵᠡᠰᠬᠦᠯᠡᠩ ᠡᠷᠬᠢᠯᠡᠬᠦ ᠳᠤ ᠰᠠᠭᠤᠷᠢ ᠲᠠᠯᠪᠢᠵᠤ᠂ ᠬᠦᠬᠡᠬᠤᠳᠠ ᠶᠢᠨ ᠲᠠᠯ᠎ᠠ ᠨᠤᠳᠤᠭ ᠤᠨ ᠠᠶᠠᠯᠠᠯ ᠵᠢᠭᠤᠯᠴᠢᠯᠠᠯ ᠤᠨ ᠦᠷᠨᠢᠨ ᠬᠦᠭᠵᠢᠵᠤ ᠲᠡᠯᠡᠬᠡᠢ ᠶᠢᠨ ᠲᠠᠪᠴᠠᠩ ᠳᠤ ᠭᠠᠷᠬᠤ ᠶᠢ ᠠᠬᠢᠭᠤᠯᠵᠤ᠂ ︽ᠰᠢᠷᠭᠠᠭᠤ ᠬᠠᠳᠠᠭᠤᠵᠢᠯᠲᠠᠢ︾ ᠲᠡᠮᠡᠤᠯᠡᠬᠦ ᠮᠣᠩᠭᠤᠯ ᠮᠤᠷᠢᠨ ᠤ ᠵᠤᠷᠢᠭ ᠰᠠᠨᠠᠭ᠎ᠠ ᠶᠢ ᠤᠯᠠᠮᠵᠢᠯᠠᠬᠤ ᠶᠢ ᠵᠤᠷᠢᠭᠰᠠᠨ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ