ᠤᠢᠢᠷ᠎ᠠ ᠳᠤ᠂ ︽ᠴᠤᠮᠤᠷᠯᠢᠭ︾ ᠨᠡᠷᠡᠮᠵᠢᠳᠤ ᠠᠩᠬᠠᠳᠤᠭᠠᠷ ᠬᠤᠭᠤᠴᠠᠭᠠᠨ ᠤ ᠴᠦᠬᠡᠨ ᠳᠤᠭᠠᠳᠤ | ᠦᠨᠳᠦᠰᠦᠳᠡᠨ ᠤ ᠵᠠᠯᠠᠭᠤᠴᠤᠳ ᠪᠠᠭᠠᠴᠤᠳ ᠤᠨ ᠰᠤᠶᠤᠯ ᠤᠨ ᠬᠦᠭᠵᠢᠬᠦᠯᠦᠯᠳᠡ ᠶᠢᠨ ᠰᠠᠭᠤᠷᠢ ᠮᠦᠩᠬᠦ ᠤᠯᠭᠤᠬᠤ | ᠵᠢᠴᠢ ᠪᠢᠴᠢᠬᠠᠨ ᠵᠤᠬᠢᠶᠠᠯᠴᠢᠳ ᠤᠨ ᠪᠤᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠤᠰᠤᠯᠠᠯ ᠬᠦᠬᠡᠬᠤᠳᠠ ᠳᠤ | ᠶᠠᠪᠤᠭᠳᠠᠪᠠ᠃ | | | ︽ᠴᠤᠮᠤᠷᠯᠢᠭ︾ ᠰᠠᠭᠤᠷᠢ ᠮᠦᠩᠬᠦ ᠶᠢᠨ ᠱᠠᠩᠨᠠᠯ ᠢ ᠭᠠᠷᠳᠠᠭᠤᠯᠵᠤ ᠪᠠᠶᠢᠭ᠎ᠠ ᠨᠢ᠃ | ᠳᠤᠰ ᠠᠵᠢᠯᠯᠠᠭ᠎ᠠ ᠶᠢ ᠦᠪᠡᠷᠳᠡᠬᠡᠨ ᠵᠠᠰᠬᠠᠤ ᠤᠷᠤᠨ ᠤ ᠵᠠᠯᠠᠭᠤᠴᠤᠳ ᠪᠠᠭᠠᠴᠤᠳ ᠤᠨ ᠰᠤᠶᠤᠯ ᠤᠨ | ᠬᠦᠭᠵᠢᠬᠦᠯᠦᠯᠳᠡ ᠶᠢᠨ ᠰᠠᠭᠤᠷᠢ ᠮᠦᠩᠬᠦᠨ ᠤ ᠨᠡᠶᠢᠬᠡᠮᠯᠢᠭ᠂ ᠦᠪᠦᠷ ᠮᠤᠩᠭᠤᠯ ᠤᠨ ᠦᠨᠳᠦᠰᠦᠳᠡᠨ ᠤ ᠵᠠᠯᠠᠭᠤᠴᠤᠳ | ᠪᠠᠭᠠᠴᠤᠳ ᠤᠨ ᠰᠡᠳᠬᠦᠯ ᠤᠨ ᠬᠤᠷᠢᠶ᠎ᠠ ᠠᠴᠠ ᠬᠠᠮᠳᠤᠷᠠᠨ ᠡᠷᠬᠢᠯᠡᠵᠦ᠂ ᠪᠦᠬᠦ ᠤᠷᠤᠨ ᠤ 12 ᠠᠶᠢᠮᠠᠭ ᠬᠤᠳᠠ ᠶᠢᠨ | ᠠᠮᠢᠳᠤᠷᠠᠯ ᠨᠢ ᠬᠦᠴᠢᠷᠳᠡᠯᠳᠡᠢ ᠮᠦᠷᠳᠡᠬᠡᠨ ᠵᠤᠬᠢᠶᠠᠯ ᠪᠢᠴᠢᠯᠬᠡ ᠳᠤ ᠠᠪᠢᠶᠠᠰ ᠲᠠᠢ 86 ᠬᠡᠦᠬᠡᠳ ᠲᠤ ᠡᠨᠡ ᠬᠦ | ᠰᠠᠭᠤᠷᠢ ᠮᠦᠩᠬᠦ ᠶᠢᠨ ᠱᠠᠩᠨᠠᠯ ᠢ ᠬᠦᠷᠳᠡᠬᠡᠵᠡᠢ᠃ ᠡᠯ᠎ᠠ ᠭᠠᠵᠠᠷ ᠠᠴᠠ ᠬᠦᠷᠦᠯᠴᠡᠨ ᠢᠷᠡᠭᠰᠡᠨ ᠬᠡᠦᠬᠡᠳ ᠪᠠᠭᠠᠴᠤᠳ | ᠪᠠᠭᠰᠢ ᠨᠠᠷ ᠲᠠᠢ ᠪᠠᠨ ᠬᠠᠮᠳᠤ 3 ᠡᠳᠦᠷ ᠤᠨ ᠬᠤᠭᠤᠴᠠᠭ᠎ᠠ ᠲᠠᠢ ᠨᠡᠷᠡᠳᠤ ᠵᠤᠬᠢᠶᠠᠯᠴᠢ ᠶᠢᠨ ᠬᠢᠴᠢᠶᠡᠯ ᠲᠠᠶᠢᠯᠤᠮᠵᠢ ᠶᠢ | ᠰᠤᠨᠤᠰᠴᠤ᠂ ᠤᠷᠠᠨ ᠵᠤᠬᠢᠶᠠᠯ ᠤᠨ ᠳᠠᠯ᠎ᠠ ᠪᠠᠷ ᠠᠪᠢᠶᠠᠰ ᠲᠠᠢ ᠬᠡᠦᠬᠡᠳ ᠪᠠᠭᠠᠴᠤᠳ ᠢ ᠤᠳᠬ᠎ᠠ ᠤᠷᠠᠯᠢᠭ ᠲᠠᠢ ᠨᠡᠩ | ᠤᠢᠢᠷᠠᠳᠤᠭᠤᠯᠵᠤ᠂ ᠳᠡᠳᠡᠨ ᠤ ᠨᠤᠳᠤᠭ ᠤᠰᠤ ᠪᠠᠨ ᠬᠠᠶᠢᠷᠠᠯᠠᠵᠤ᠂ ᠨᠤᠳᠤᠭ ᠤᠰᠤ ᠪᠠᠨ ᠪᠦᠳᠦᠬᠡᠨ ᠪᠠᠶᠢᠭᠤᠯᠬᠤ | ᠡᠷᠴᠢ ᠵᠤᠷᠢᠭ ᠢ ᠨᠢ ᠬᠦᠪᠴᠢᠯᠡᠭᠰᠡᠨ ᠪᠠᠶᠢᠨ᠎ᠠ᠃ ︽ᠴᠤᠮᠤᠷᠯᠢᠭ︾ ᠨᠡᠷᠡᠮᠵᠢᠳᠤ ᠴᠦᠬᠡᠨ ᠳᠤᠭᠠᠳᠤ ᠦᠨᠳᠦᠰᠦᠳᠡᠨ ᠤ | ᠵᠠᠯᠠᠭᠤᠴᠤᠳ ᠪᠠᠭᠠᠴᠤᠳ ᠤᠨ ᠰᠤᠶᠤᠯ ᠤᠨ ᠬᠦᠭᠵᠢᠬᠦᠯᠦᠯᠳᠡ ᠶᠢᠨ ᠰᠠᠭᠤᠷᠢ ᠮᠦᠩᠬᠦ ᠨᠢᠳᠤᠨᠤᠨ ᠤ 10 ᠰᠠᠷ᠎ᠠ ᠳᠤ | ᠪᠠᠶᠢᠭᠤᠯᠤᠭᠳᠠᠵᠤ᠂ ᠴᠦᠬᠡᠨ ᠳᠤᠭᠠᠳᠤ ᠦᠨᠳᠦᠰᠦᠳᠡᠨ ᠤ ᠬᠡᠦᠬᠡᠳ ᠤᠨ ᠤᠷᠠᠨ ᠵᠤᠬᠢᠶᠠᠯ ᠤᠨ ᠬᠦᠭᠵᠢᠯᠳᠡ ᠶᠢ | ᠳᠡᠮᠵᠢᠵᠦ᠂ ᠠᠮᠢᠳᠤᠷᠠᠯ ᠨᠢ ᠬᠦᠴᠢᠷᠳᠡᠯᠳᠡᠢ ᠵᠠᠯᠠᠭᠤᠴᠤᠳ ᠪᠠᠭᠠᠴᠤᠳ ᠤᠨ ᠴᠢᠳᠠᠪᠤᠷᠢᠳᠠᠨ ᠪᠤᠯᠵᠤ ᠬᠦᠮᠦᠵᠢᠭᠳᠡᠬᠦ ᠳᠤ | ᠦᠢᠯᠡᠴᠢᠯᠡᠨ᠂ ᠨᠠᠰᠤᠨ ᠳᠤ ᠦᠯᠦ ᠬᠦᠷᠦᠭᠰᠡᠳ ᠤᠨ ᠶᠤᠰᠤ ᠰᠤᠷᠳᠠᠬᠤᠨ ᠤ ᠪᠠᠶᠢᠭᠤᠯᠤᠯᠳᠠ ᠶᠢ ᠴᠢᠩᠭᠠᠳᠬᠠᠵᠤ᠂ | ᠦᠨᠳᠦᠰᠦᠳᠡᠨ ᠤ ᠰᠤᠶᠤᠯ ᠢ ᠬᠦᠭᠵᠢᠬᠦᠯᠦᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠪᠠᠷ | ᠵᠤᠷᠢᠯᠳᠠ ᠪᠠᠨ ᠪᠤᠯᠭᠠᠪᠠ᠃ | ᠬᠡᠷᠡᠯ ᠵᠢᠷᠤᠭ ᠢ ᠰᠤᠷᠪᠤᠯᠵᠢᠯᠠᠭᠴᠢ ᠨᠠᠪᠴᠢ ᠰᠡᠬᠦᠳᠡᠷᠯᠡᠪᠡ |