7 ᠰᠠᠷ᠎ᠠ ᠶᠢᠨ 7 ᠤ ᠡᠳᠦᠷ ᠲᠤ ᠡᠬᠢᠯᠡᠭᠰᠡᠨ ᠬᠦᠬᠡᠬᠤᠳᠠ ᠶᠢᠨ ᠲᠤᠮᠤ ᠬᠡᠪᠴᠢᠶᠠᠨ ᠤ ᠮᠤᠩᠭᠤᠯ ᠮᠤᠷᠢᠨ ᠤ | ᠰᠤᠩᠭᠤᠯᠳᠠ ᠤᠷᠤᠯᠳᠤᠭᠠᠨ ᠦᠪᠦᠷ ᠮᠤᠩᠭᠤᠯ ᠤᠨ ᠣᠤ ᠸᠧᠢ ᠮᠧᠩ ᠶᠤᠸᠠᠨ ᠠᠳᠤᠭᠤᠨ ᠰᠤᠶᠤᠯ ᠤᠨ ᠠᠮᠢ | ᠠᠬᠤᠢ ᠶᠢᠨ ᠵᠤᠭᠠᠴᠠᠯ ᠤᠨ ᠭᠠᠵᠠᠷ ᠲᠠᠬᠢ ᠤᠯᠠᠨ ᠤᠯᠤᠰ ᠤᠨ ᠮᠤᠷᠢᠨ ᠤᠷᠤᠯᠳᠤᠭᠠᠨ ᠤ ᠲᠠᠯᠠᠪᠠᠢ ᠳᠤ ᠲᠤᠭᠳᠠᠭᠰᠠᠨ | ᠲᠠᠷᠠᠭᠠᠯᠠᠯ ᠶᠤᠰᠤᠭᠠᠷ ᠢᠳᠡ ᠬᠦᠭ ᠲᠠᠢ ᠶᠠᠪᠤᠭᠳᠠᠵᠤ ᠪᠤᠢ᠃ | ᠤᠢᠢᠯᠠᠭᠠᠭᠰᠠᠨ ᠢᠶᠠᠷ᠂ ᠡᠨᠡ ᠬᠦ ᠰᠤᠩᠭᠤᠯᠳᠠ ᠤᠷᠤᠯᠳᠤᠭᠠᠨ 9 ᠰᠠᠷ᠎ᠠ ᠶᠢᠨ 8 ᠡᠳᠦᠷ ᠪᠤᠯᠳᠠᠯ᠎ᠠ ᠶᠠᠪᠤᠭᠳᠠᠵᠤ | ᠂ ᠰᠤᠩᠭᠤᠯᠳᠠ ᠤᠷᠤᠯᠳᠤᠭᠠᠨ ᠲᠠᠭᠤᠰᠤᠭᠰᠠᠨ ᠤ ᠲᠠᠷᠠᠭ᠎ᠠ 9 ᠰᠠᠷ᠎ᠠ ᠶᠢᠨ 8 ᠤ ᠡᠳᠦᠷ — 10 ᠰᠠᠷ᠎ᠠ ᠶᠢᠨ | 13 ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠴᠦᠬᠡᠨ ᠲᠤᠭᠠᠳᠤ ᠦᠨᠳᠦᠰᠦᠳᠠᠨ ᠤ ᠤᠯᠠᠨ ᠲᠦᠮᠡᠨᠴᠢ ᠰᠤᠶᠤᠯ | ᠲᠠᠮᠢᠷ ᠤᠨ ᠲᠦᠪ ᠲᠠᠬᠢ ᠤᠯᠠᠨ ᠤᠯᠤᠰ ᠤᠨ ᠮᠤᠷᠢᠨ ᠤᠷᠤᠯᠳᠤᠭᠠᠨ ᠤ ᠲᠠᠯᠠᠪᠠᠢ ᠳᠤ ᠵᠢᠩᠬᠢᠨᠢ ᠤᠷᠤᠯᠳᠤᠭᠠᠨ ᠢ | ᠶᠠᠪᠤᠭᠳᠠᠭᠤᠯᠬᠤ ᠪᠤᠯᠤᠨ᠎ᠠ᠃ ᠤᠷᠤᠯᠳᠤᠭᠠᠨ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠯ᠎ᠠ | ᠠᠶᠢᠮᠠᠭ ᠬᠤᠳᠠ᠂ ᠬᠤᠰᠢᠭᠤ ᠰᠢᠶᠠᠨ ᠲᠤᠭᠤᠷᠢᠭ ᠤᠨ ᠮᠤᠷᠢᠨ ᠮᠡᠷᠬᠡᠵᠢᠯ ᠤᠨ ᠠᠩᠬᠢ ᠪᠤᠯᠤᠨ ᠠᠳᠤᠭᠤᠨ ᠤ ᠠᠵᠤ | ᠦᠢᠯᠡᠰ ᠤᠨ ᠨᠡᠶᠢᠬᠡᠮᠯᠢᠭ ᠤᠨ ᠬᠡᠰᠢᠬᠦᠳ ᠵᠢᠴᠢ ᠬᠤᠪᠢ ᠶᠢᠨ ᠠᠳᠤᠭᠤᠴᠢᠳ ᠢ ᠤᠷᠢᠵᠤ᠂ ᠤᠷᠢᠳᠴᠢᠯᠠᠭᠰᠠᠠ | ᠤᠷᠤᠯᠳᠤᠭᠠᠨ ᠳᠤ 16 ᠲᠦᠯᠦᠬᠡᠯᠡᠭᠴᠢ ᠶᠢᠨ ᠠᠩᠬᠢ ᠶᠢᠨ 100 ᠭᠠᠷᠤᠢ ᠤᠨᠤᠭᠠᠴᠢᠨ᠂ 30 ᠭᠠᠷᠤᠢ ᠬᠤᠪᠢ ᠶᠢᠨ | ᠠᠳᠤᠭᠤᠴᠢᠨ ᠤᠷᠤᠯᠴᠠᠵᠤ᠂ 300 ᠭᠠᠷᠤᠢ ᠮᠤᠷᠢ ᠶᠢ ᠤᠷᠤᠯᠳᠤᠭᠤᠯᠬᠤ ᠪᠤᠯᠤᠨ᠎ᠠ᠃ ᠤᠷᠤᠯᠳᠤᠭᠠᠨ ᠤ ᠲᠦᠷᠦᠯ | ᠵᠦᠢᠯ ᠳᠤ 800 ᠮᠧᠳ᠋ᠷ᠂ 1000 ᠮᠧᠳ᠋ᠷ᠂ 1200 ᠮᠧᠳ᠋ᠷ᠂ 1600 ᠮᠧᠳ᠋ᠷ᠂ 2000 ᠮᠧᠳ᠋ᠷ ᠤᠨ ᠬᠤᠷᠳᠤᠨ | ᠮᠤᠷᠢᠨ ᠤ ᠤᠷᠤᠯᠳᠤᠭᠠᠨ ᠢ ᠲᠤᠬᠢᠷᠠᠭᠤᠯᠵᠤ᠂ ᠡᠬᠦᠨ ᠤ ᠬᠠᠮᠳᠤ ᠪᠠᠰᠠ ᠮᠤᠷᠢᠨ ᠮᠡᠷᠬᠡᠵᠢᠯ ᠤᠨ ᠲᠤᠭᠯᠠᠯᠳᠠ ᠵᠡᠷᠬᠡ | ᠲᠦᠷᠦᠯ ᠵᠦᠢᠯ ᠢ ᠲᠤᠬᠢᠷᠠᠭᠤᠯᠤᠭᠰᠠᠠ ᠪᠠᠶᠢᠨ᠎ᠠ᠃ ︽ᠪᠢᠳᠠ ᠦᠨᠳᠦᠷ ᠲᠦᠪᠰᠢᠨ ᠲᠠᠢ᠂ ᠰᠢᠰᠲ᠋ᠧᠮᠴᠢᠯᠡᠭᠰᠡᠡ᠂ | ᠦᠨᠳᠦᠰᠦᠳᠠᠨ ᠤ ᠤᠨᠴᠠᠯᠢᠬᠳᠤ ᠮᠤᠷᠢᠨ ᠮᠡᠷᠬᠡᠵᠢᠯ ᠤᠨ ᠤᠷᠤᠯᠳᠤᠭᠠᠨ ᠢ ᠡᠷᠬᠢᠯᠡᠬᠦ ᠪᠠᠷ ᠲᠡᠮᠵᠢᠨ ᠬᠠᠮᠢᠶ᠎ᠠ ᠪᠦᠬᠦᠢ | ᠠᠳᠤᠭᠤᠨ ᠤ ᠠᠵᠤ ᠦᠢᠯᠡᠰ ᠲᠤ ᠬᠦᠭᠵᠢᠯᠳᠠ ᠶᠢᠨ ᠤᠷᠴᠢᠨ ᠲᠤᠭᠤᠷᠢᠨ ᠢ ᠬᠠᠩᠭᠠᠵᠤ᠂ ᠮᠤᠷᠢᠨ ᠮᠡᠷᠬᠡᠵᠢᠯ ᠢ | ᠲᠦᠬᠡᠮᠡᠯᠵᠢᠬᠦᠯᠤᠨ᠂ ᠤᠯᠠᠨ ᠲᠦᠮᠡᠨ ᠤ ᠡᠨᠡ ᠬᠦ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠲᠡᠬᠡᠭᠰᠢᠯᠡᠬᠦᠯᠬᠦ ᠳᠤ | ᠪᠠᠳᠤᠯᠠᠭ᠎ᠠ ᠬᠠᠩᠭᠠᠨ᠎ᠠ︾ ᠬᠡᠵᠤ ᠬᠦᠬᠡᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠲᠠᠷᠤᠭ᠎ᠠ ᠱᠢ ᠷᠦᠩ | ᠡᠸ᠋ᠨ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠨ᠎ᠠ᠃ |