ᠬᠦᠬᠡᠬᠤᠳᠠ ᠶᠢᠨ ᠲᠤᠮᠤ ᠬᠡᠪᠴᠢᠶᠠᠨ ᠤ ᠮᠤᠩᠭᠤᠯ ᠮᠤᠷᠢᠨ ᠤ ᠰᠤᠩᠭᠤᠯᠳᠠ ᠤᠷᠤᠯᠳᠤᠭᠠᠨ ᠢᠳᠡ ᠬᠦᠭ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2018/8/27
      7 ᠰᠠᠷ᠎ᠠ ᠶᠢᠨ 7 ᠤ ᠡᠳᠦᠷ ᠲᠤ ᠡᠬᠢᠯᠡᠭᠰᠡᠨ ᠬᠦᠬᠡᠬᠤᠳᠠ ᠶᠢᠨ ᠲᠤᠮᠤ ᠬᠡᠪᠴᠢᠶᠠᠨ ᠤ ᠮᠤᠩᠭᠤᠯ ᠮᠤᠷᠢᠨ ᠤ ᠰᠤᠩᠭᠤᠯᠳᠠ ᠤᠷᠤᠯᠳᠤᠭᠠᠨ ᠦᠪᠦᠷ ᠮᠤᠩᠭᠤᠯ ᠤᠨ ᠣᠤ ᠸᠧᠢ ᠮᠧᠩ ᠶᠤᠸᠠᠨ ᠠᠳᠤᠭᠤᠨ ᠰᠤᠶᠤᠯ ᠤᠨ ᠠᠮᠢ ᠠᠬᠤᠢ ᠶᠢᠨ ᠵᠤᠭᠠᠴᠠᠯ ᠤᠨ ᠭᠠᠵᠠᠷ ᠲᠠᠬᠢ ᠤᠯᠠᠨ ᠤᠯᠤᠰ ᠤᠨ ᠮᠤᠷᠢᠨ ᠤᠷᠤᠯᠳᠤᠭᠠᠨ ᠤ ᠲᠠᠯᠠᠪᠠᠢ ᠳᠤ ᠲᠤᠭᠳᠠᠭᠰᠠᠨ ᠲᠠᠷᠠᠭᠠᠯᠠᠯ ᠶᠤᠰᠤᠭᠠᠷ ᠢᠳᠡ ᠬᠦᠭ ᠲᠠᠢ ᠶᠠᠪᠤᠭᠳᠠᠵᠤ ᠪᠤᠢ᠃     ᠤᠢᠢᠯᠠᠭᠠᠭᠰᠠᠨ ᠢᠶᠠᠷ᠂ ᠡᠨᠡ ᠬᠦ ᠰᠤᠩᠭᠤᠯᠳᠠ ᠤᠷᠤᠯᠳᠤᠭᠠᠨ 9 ᠰᠠᠷ᠎ᠠ ᠶᠢᠨ 8 ᠡᠳᠦᠷ ᠪᠤᠯᠳᠠᠯ᠎ᠠ ᠶᠠᠪᠤᠭᠳᠠᠵᠤ᠂ ᠰᠤᠩᠭᠤᠯᠳᠠ ᠤᠷᠤᠯᠳᠤᠭᠠᠨ ᠲᠠᠭᠤᠰᠤᠭᠰᠠᠨ ᠤ ᠲᠠᠷᠠᠭ᠎ᠠ 9 ᠰᠠᠷ᠎ᠠ ᠶᠢᠨ 8 ᠤ ᠡᠳᠦᠷ — 10 ᠰᠠᠷ᠎ᠠ ᠶᠢᠨ 13 ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠴᠦᠬᠡᠨ ᠲᠤᠭᠠᠳᠤ ᠦᠨᠳᠦᠰᠦᠳᠠᠨ ᠤ ᠤᠯᠠᠨ ᠲᠦᠮᠡᠨᠴᠢ ᠰᠤᠶᠤᠯ ᠲᠠᠮᠢᠷ ᠤᠨ ᠲᠦᠪ ᠲᠠᠬᠢ ᠤᠯᠠᠨ ᠤᠯᠤᠰ ᠤᠨ ᠮᠤᠷᠢᠨ ᠤᠷᠤᠯᠳᠤᠭᠠᠨ ᠤ ᠲᠠᠯᠠᠪᠠᠢ ᠳᠤ ᠵᠢᠩᠬᠢᠨᠢ ᠤᠷᠤᠯᠳᠤᠭᠠᠨ ᠢ ᠶᠠᠪᠤᠭᠳᠠᠭᠤᠯᠬᠤ ᠪᠤᠯᠤᠨ᠎ᠠ᠃ ᠤᠷᠤᠯᠳᠤᠭᠠᠨ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠯ᠎ᠠ ᠠᠶᠢᠮᠠᠭ ᠬᠤᠳᠠ᠂ ᠬᠤᠰᠢᠭᠤ ᠰᠢᠶᠠᠨ ᠲᠤᠭᠤᠷᠢᠭ ᠤᠨ ᠮᠤᠷᠢᠨ ᠮᠡᠷᠬᠡᠵᠢᠯ ᠤᠨ ᠠᠩᠬᠢ ᠪᠤᠯᠤᠨ ᠠᠳᠤᠭᠤᠨ ᠤ ᠠᠵᠤ ᠦᠢᠯᠡᠰ ᠤᠨ ᠨᠡᠶᠢᠬᠡᠮᠯᠢᠭ ᠤᠨ ᠬᠡᠰᠢᠬᠦᠳ ᠵᠢᠴᠢ ᠬᠤᠪᠢ ᠶᠢᠨ ᠠᠳᠤᠭᠤᠴᠢᠳ ᠢ ᠤᠷᠢᠵᠤ᠂ ᠤᠷᠢᠳᠴᠢᠯᠠᠭᠰᠠᠠ ᠤᠷᠤᠯᠳᠤᠭᠠᠨ ᠳᠤ 16 ᠲᠦᠯᠦᠬᠡᠯᠡᠭᠴᠢ ᠶᠢᠨ ᠠᠩᠬᠢ ᠶᠢᠨ 100 ᠭᠠᠷᠤᠢ ᠤᠨᠤᠭᠠᠴᠢᠨ᠂ 30 ᠭᠠᠷᠤᠢ ᠬᠤᠪᠢ ᠶᠢᠨ ᠠᠳᠤᠭᠤᠴᠢᠨ ᠤᠷᠤᠯᠴᠠᠵᠤ᠂ 300 ᠭᠠᠷᠤᠢ ᠮᠤᠷᠢ ᠶᠢ ᠤᠷᠤᠯᠳᠤᠭᠤᠯᠬᠤ ᠪᠤᠯᠤᠨ᠎ᠠ᠃ ᠤᠷᠤᠯᠳᠤᠭᠠᠨ ᠤ ᠲᠦᠷᠦᠯ ᠵᠦᠢᠯ ᠳᠤ 800 ᠮᠧᠳ᠋ᠷ᠂ 1000 ᠮᠧᠳ᠋ᠷ ᠂ 1200 ᠮᠧᠳ᠋ᠷ᠂ 1600 ᠮᠧᠳ᠋ᠷ᠂ 2000 ᠮᠧᠳ᠋ᠷ ᠤᠨ ᠬᠤᠷᠳᠤᠨ ᠮᠤᠷᠢᠨ ᠤ ᠤᠷᠤᠯᠳᠤᠭᠠᠨ ᠢ ᠲᠤᠬᠢᠷᠠᠭᠤᠯᠵᠤ᠂ ᠡᠬᠦᠨ ᠤ ᠬᠠᠮᠳᠤ ᠪᠠᠰᠠ ᠮᠤᠷᠢᠨ ᠮᠡᠷᠬᠡᠵᠢᠯ ᠤᠨ ᠲᠤᠭᠯᠠᠯᠳᠠ ᠵᠡᠷᠬᠡ ᠲᠦᠷᠦᠯ ᠵᠦᠢᠯ ᠢ ᠲᠤᠬᠢᠷᠠᠭᠤᠯᠤᠭᠰᠠᠠ ᠪᠠᠶᠢᠨ᠎ᠠ᠃ ︽ᠪᠢᠳᠠ ᠦᠨᠳᠦᠷ ᠲᠦᠪᠰᠢᠨ ᠲᠠᠢ᠂ ᠰᠢᠰᠲ᠋ᠧᠮᠴᠢᠯᠡᠭᠰᠡᠡ᠂ ᠦᠨᠳᠦᠰᠦᠳᠠᠨ ᠤ ᠤᠨᠴᠠᠯᠢᠬᠳᠤ ᠮᠤᠷᠢᠨ ᠮᠡᠷᠬᠡᠵᠢᠯ ᠤᠨ ᠤᠷᠤᠯᠳᠤᠭᠠᠨ ᠢ ᠡᠷᠬᠢᠯᠡᠬᠦ ᠪᠠᠷ ᠲᠡᠮᠵᠢᠨ ᠬᠠᠮᠢᠶ᠎ᠠ ᠪᠦᠬᠦᠢ ᠠᠳᠤᠭᠤᠨ ᠤ ᠠᠵᠤ ᠦᠢᠯᠡᠰ ᠲᠤ ᠬᠦᠭᠵᠢᠯᠳᠠ ᠶᠢᠨ ᠤᠷᠴᠢᠨ ᠲᠤᠭᠤᠷᠢᠨ ᠢ ᠬᠠᠩᠭᠠᠵᠤ᠂ ᠮᠤᠷᠢᠨ ᠮᠡᠷᠬᠡᠵᠢᠯ ᠢ ᠲᠦᠬᠡᠮᠡᠯᠵᠢᠬᠦᠯᠤᠨ᠂ ᠤᠯᠠᠨ ᠲᠦᠮᠡᠨ ᠤ ᠡᠨᠡ ᠬᠦ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠲᠡᠬᠡᠭᠰᠢᠯᠡᠬᠦᠯᠬᠦ ᠳᠤ ᠪᠠᠳᠤᠯᠠᠭ᠎ᠠ ᠬᠠᠩᠭᠠᠨ᠎ᠠ︾ ᠬᠡᠵᠤ ᠬᠦᠬᠡᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠲᠠᠷᠤᠭ᠎ᠠ ᠱᠢ ᠷᠦᠩ ᠡᠸ᠋ᠨ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ