ᠬᠤᠷᠢᠨᠭᠡᠷ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠵᠢᠴᠢ ᠮᠡᠳᠡᠭᠡ ᠵᠠᠩᠭᠢ ᠨᠡᠶᠢᠲᠡᠯᠡᠬᠦ ᠲᠠᠪᠴᠠᠩ ᠤᠨ ᠪᠣᠯᠪᠠᠰᠣᠷᠠᠭᠤᠯᠣᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-08-28
     8 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠵᠢᠴᠢ ᠮᠡᠳᠡᠭᠡ ᠵᠠᠩᠭᠢ ᠨᠡᠶᠢᠲᠡᠯᠡᠬᠦ ᠲᠠᠪᠴᠠᠩ ᠤᠨ ᠪᠣᠯᠪᠠᠰᠣᠷᠠᠭᠤᠯᠣᠯ ᠤᠨ ᠬᠤᠷᠠᠯ ᠬᠤᠷᠠᠯᠳᠣᠭᠤᠯᠪᠠ᠃ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠬᠠᠷᠢᠭᠤᠴᠠᠯᠭᠠᠲᠠᠨ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠪᠠ᠃      ᠬᠤᠷᠠᠯ ᠨᠢ ︽ᠬᠤᠷᠢᠨᠭᠡᠷ ᠰᠢᠶᠠᠨ ᠤ 2018 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ᠤᠨ ᠲᠤᠬᠠᠶ ᠲᠠᠶᠢᠯᠤᠮᠵᠢ ᠬᠢᠵᠡᠶ︔ ᠬᠤᠷᠢᠨᠭᠡᠷ ᠰᠢᠶᠠᠨ ᠤ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ︔ ᠰᠦᠯᠵᠢᠶᠡᠨ ᠤ ᠮᠡᠷᠭᠡᠵᠢᠯ ᠤᠨ ᠺᠣᠮᠫᠠᠨᠢ ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠠᠵᠢᠯ ᠳᠤ ᠪᠣᠯᠪᠠᠰᠣᠷᠠᠭᠤᠯᠣᠯ ᠬᠢᠪᠡ᠃      ᠬᠤᠷᠠᠯ ᠠᠴᠠ ᠱᠠᠭᠠᠷᠳᠠᠭᠰᠰᠠᠨ ᠨᠢ᠂ ᠨᠢᠭᠡ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠪᠣᠯᠤᠨ ᠪᠠᠴᠢᠮ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠭᠦᠷᠭᠡ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠲᠠᠨᠢᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ︽ᠢᠯᠡ ᠪᠣᠯᠭᠠᠬᠤ ᠪᠣᠯ ᠵᠠᠷᠴᠢᠮ᠂ ᠢᠯᠡ ᠪᠤᠰᠤ ᠪᠠᠶᠢᠯᠭᠠᠬᠤ ᠪᠣᠯ ᠣᠨᠴᠠᠭᠠᠶ ᠪᠠᠶᠢᠳᠠᠯ︾ ᠭᠡᠬᠦ ᠠᠵᠢᠯ ᠤᠨ ᠰᠡᠳᠬᠢᠮᠵᠢ ᠶᠢ ᠪᠠᠷᠢᠮᠲᠠᠯᠠᠬᠤ ᠬᠡᠷᠡᠭᠲᠡᠢ᠃ ᠠᠭᠤᠯᠭ᠎ᠠ ᠶᠢ ᠣᠨᠣᠪᠴᠢᠲᠠᠶ ᠮᠥᠷᠲᠡᠭᠡᠨ ᠴᠠᠭ ᠲᠤᠬᠠᠶ ᠳᠤᠨᠢ ᠨᠡᠶᠢᠲᠡᠯᠡᠵᠦ᠂ ᠢᠯᠡ ᠪᠣᠯᠭᠠᠬᠤ ᠬᠡᠯᠪᠡᠷᠢ ᠨᠢ ᠤᠯᠠᠨ ᠶᠠᠩᠵᠤ ᠶᠢᠨ ᠪᠠᠶᠢᠵᠤ᠂ ᠵᠢᠷᠤᠭᠲᠤ ᠲᠠᠶᠢᠯᠪᠤᠷᠢ᠂ ᠵᠢᠷᠤᠭᠲᠤ ᠬᠦᠰᠦᠨᠦᠭᠲᠦ᠂ ᠦᠰᠦᠭ ᠪᠢᠴᠢᠭ ᠵᠡᠷᠭᠡ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠬᠡᠷᠡᠭᠴᠡᠭᠡ ᠶᠢ ᠬᠠᠩᠭᠠᠵᠣ᠂ ᠣᠯᠠᠨ ᠨᠡᠶᠢᠲᠡ ᠳᠤ ᠨᠡᠩ ᠳᠥᠭᠦᠮ ᠳᠥᠲᠡ ᠣᠶᠢᠯᠠᠭᠠᠯᠲᠠ ᠲᠠᠢ ᠪᠣᠯᠭᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠪᠤᠳᠠᠯ ᠢ ᠡᠯ᠎ᠡ ᠵᠦᠢᠯ ᠤᠨ ᠠᠵᠢᠯ ᠤᠨ ᠢᠶᠠᠨ ᠴᠢᠬᠤᠯᠠ ᠪᠠᠶᠢᠷᠢᠨ ᠳᠤ ᠲᠠᠯᠪᠢᠵᠤ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠵᠡᠷᠭᠡ ᠪᠠᠷ ᠤᠷᠤᠭᠰᠢᠯᠠᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠠᠯᠪᠠᠨ ᠭᠡᠷ ᠲᠦᠷᠦᠭᠦᠯᠡᠨ ᠭᠤᠣᠯᠯᠠᠨ ᠠᠳᠬᠤᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠣᠨ  ᠵᠢᠯᠣᠭᠤᠳᠬᠤ ᠬᠡᠷᠡᠭᠲᠡᠢ᠃ 9 ᠳ᠋ᠦ᠋ᠭᠡᠷ ᠰᠠᠷ᠎ᠠ ᠶᠢᠨ 2 ᠤᠨ ᠡᠳᠦᠷ ᠠᠴᠠ ᠡᠮᠦᠨ᠎ᠡ ᠡᠷᠬᠡᠪᠰᠢ ᠲᠤᠰ ᠨᠢᠭᠡᠴᠡ᠂ ᠲᠤᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠰᠢᠩᠭᠡᠭᠡᠨ ᠣᠷᠣᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ ᠃ ᠲᠦᠷᠪᠡ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ︽ᠵᠠᠰᠠᠭ ᠤᠨ ᠶᠠᠪᠤᠳᠠᠯ ᠢ ᠢᠯᠡ ᠪᠣᠯᠭᠠᠬᠤ ᠭᠠᠷᠴᠠᠭ︾ ᠤᠨ ᠲᠣᠭᠤᠷᠢᠨ ᠳᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠠᠵᠢᠯ ᠳᠤ ᠣᠷᠬᠢᠭᠳᠠᠭᠤᠯᠣᠭᠰᠠᠨ ᠢ ᠪᠠᠶᠢᠴᠠᠭᠠᠵᠤ ᠳᠤᠲᠠᠭᠳᠠᠭᠰᠠᠨ ᠢ ᠨᠦᠬᠦᠪᠦᠷᠢᠯᠡᠬᠦ ᠬᠡᠷᠡᠭᠲᠡᠢ᠃ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠬᠢᠨ ᠰᠢᠶᠠᠨ ᠤ ᠬᠢᠨᠠᠨ ᠪᠠᠶᠢᠴᠠᠭᠠᠬᠤ ᠵᠥᠪᠯᠡᠯ ᠳᠤ ᠬᠠᠮᠵᠢᠯᠴᠠᠨ᠂ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠴᠢᠩᠭᠠᠳᠬᠠᠬᠤ ᠶᠢᠨ ᠬᠠᠮᠲᠣ ᠪᠠᠶᠢᠭᠤᠯᠤᠨ ᠲᠡᠭᠦᠯᠳᠡᠷᠵᠢᠭᠦᠯᠬᠦ ᠶᠢ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠡᠯ᠎ᠡ ᠭᠤᠭᠴᠣᠭᠠᠨ ᠳᠤ ᠲᠤᠤᠱᠯᠠᠭᠤᠯᠵᠤ᠂ ᠲᠤᠰ ᠱᠠᠲᠤᠨ ᠤ ᠪᠣᠯᠣᠨ ᠲᠤᠤᠷᠡᠳᠦ ᠱᠠᠲᠤᠨ ᠤ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠦᠨᠡᠨᠬᠦ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ  ᠠᠬᠢᠭᠤᠯᠬᠤ ᠳᠤ ᠪᠠᠷᠢᠮᠵᠢᠶ᠎ᠠ ᠳᠤ ᠬᠥᠷᠬᠦ ᠥᠬᠡᠶ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号