ᠰᠢᠨᠬᠤᠧᠠ ᠮᠤᠩᠭᠤᠯ ᠨᠧᠲ ᠬᠦᠬᠡᠬᠤᠲᠠ ᠶᠢᠨ 8 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ︶ ᠬᠡᠦᠬᠡᠳ ᠪᠠᠭᠠᠴᠤᠳ ᠲᠠᠭᠠᠨ ᠮᠤᠩᠭᠤᠯ | ᠰᠢᠯᠦᠭ ᠤᠨ ᠢᠷᠠᠭᠤ ᠰᠠᠶᠢᠬᠠᠨ ᠢ ᠮᠡᠲᠡᠬᠦᠯᠵᠦ᠂ ᠡᠬᠡ ᠬᠡᠯᠡ ᠪᠠᠷ ᠢᠶᠠᠨ ᠪᠠᠭ᠋ᠠᠷᠬᠠᠬᠤ᠂ ᠤᠤᠭᠠᠯ ᠰᠤᠶᠤᠯ ᠢᠶᠠᠷ ᠢᠶᠠᠨ ᠪᠠᠭ᠋ᠠᠷᠬᠠᠬᠤ ᠰᠡᠳᠬᠢᠯᠭᠡ ᠶᠢ ᠪᠤᠢ ᠪᠤᠯᠭᠠᠨ ᠤᠷ᠎ᠠ ᠠᠪᠢᠶᠠᠰ ᠢᠶᠠᠨ | ᠪᠠᠲᠠᠷᠠᠭᠤᠯᠬᠤ ᠲᠠᠪᠴᠠᠩ ᠬᠠᠩᠭᠠᠬᠤ ᠪᠠᠷ ᠵᠤᠷᠢᠯᠲᠠ ᠪᠤᠯᠭᠠᠭᠰᠠᠨ ᠦᠪᠦᠷ ᠮᠤᠩᠭᠤᠯ ᠤᠨ ᠨᠤᠮ ᠤᠨ ᠰᠠᠩ ᠤᠨ ᠵᠢᠷᠭᠤᠲᠤᠭᠠᠷ ᠬᠤᠭᠤᠴᠠᠭᠠᠨ ᠤ ︽ᠨᠤᠮ ᠡᠷᠳᠡᠨᠢ︾ ᠪᠦᠬᠦ ᠤᠷᠤᠨ ᠤ | ᠬᠡᠦᠬᠡᠳ ᠤᠨ ᠮᠤᠩᠭᠤᠯ ᠰᠢᠯᠦᠭ ᠤᠨ ᠤᠷᠤᠯᠲᠤᠭᠠᠨ 25 ᠤ ᠡᠲᠦᠷ ᠬᠦᠬᠡᠬᠤᠲᠠ ᠳᠤ ᠠᠮᠵᠢᠯᠲᠠ ᠲᠠᠢ ᠪᠤᠯᠵᠤ ᠦᠩᠭᠡᠷᠡᠪᠡ᠃ | | | | | | | | | | | | | ᠰᠢᠭᠦᠭᠴᠢ ᠶᠢᠨ ᠲᠦᠪ ᠭᠤᠤᠯᠴᠢ ᠤᠨᠤᠭ᠎ᠠ ᠦᠭᠬᠦᠯᠲᠠ ᠪᠠ ᠬᠡᠦᠬᠡᠳ ᠪᠠᠭᠠᠴᠤᠳ ᠤᠨ ᠠᠪᠢᠶᠠᠰᠯᠢᠭ ᠤᠷᠠᠨ ᠤᠩᠰᠢᠯᠭ᠎ᠠ ᠪᠠᠷ ᠲᠠᠮᠵᠢᠨ ᠴᠡᠴᠡᠷᠯᠢᠭ ᠤᠨ ᠲᠤᠭᠤᠶᠢᠯᠠᠩ ᠳᠤ | ᠡᠷᠢᠶᠡᠨ ᠬᠤᠲᠠ ᠶᠢᠨ ᠡᠶᠡᠯᠰᠡᠭ᠂ ᠪᠠᠭ᠎ᠠ ᠰᠤᠷᠭᠠᠭᠤᠯᠢ ᠶᠢᠨ ᠲᠤᠤᠷ᠎ᠠ ᠤᠨ ᠤ ᠲᠤᠭᠤᠶᠢᠯᠠᠩ ᠳᠤ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠵᠢᠪᠬᠤᠭ᠎ᠠ᠂ ᠪᠠᠭ᠎ᠠ | ᠰᠤᠷᠭᠠᠭᠤᠯᠢ ᠶᠢᠨ ᠲᠡᠭᠡᠷ᠎ᠡ ᠤᠨ ᠤ ᠲᠤᠭᠤᠶᠢᠯᠠᠩ ᠳᠤ ᠵᠡᠬᠦᠨ ᠦᠵᠦᠮᠦᠴᠢᠨ ᠬᠤᠰᠢᠭᠤᠨ ᠤ ᠠᠭᠤᠲᠠᠮᠪᠢᠯᠢᠭ᠌ ᠲᠡᠷᠢᠬᠦᠯᠡᠭᠰᠡᠨ ᠪᠠᠶᠢᠨ᠎ᠠ᠃ | ︽ᠡᠨᠡᠬᠦ ᠤᠷᠤᠯᠲᠤᠭᠠᠨ ᠨᠢ ᠪᠦᠬᠦ ᠤᠷᠤᠨ ᠤ ᠬᠡᠦᠬᠡᠳ ᠪᠠᠭᠠᠴᠤᠳ ᠲᠤ ᠨᠤᠮ ᠤᠨ ᠰᠠᠩ ᠢ ᠲᠠᠨᠢᠭᠤᠯᠵᠤ᠂ ᠮᠤᠩᠭᠤᠯ ᠨᠤᠮ ᠤᠩᠰᠢᠬᠤ ᠤᠷᠮ᠎ᠠ ᠶᠢ ᠬᠦᠭᠵᠢᠭᠡᠨ᠂ ᠨᠤᠮ | ᠤᠩᠰᠢᠬᠤ ᠰᠠᠶᠢᠬᠠᠨ ᠲᠠᠳᠬᠠᠯ ᠢ ᠪᠤᠢ ᠪᠤᠯᠭᠠᠵᠤ᠂ ᠤᠷᠤᠰᠤᠮ᠎ᠠ ᠰᠠᠶᠢᠬᠠᠨ ᠮᠤᠩᠭᠤᠯ ᠬᠡᠯᠡ ᠲᠠᠢ ᠬᠡᠦᠬᠡᠳ ᠪᠤᠯᠤᠨ ᠬᠦᠮᠦᠵᠢᠨ ᠪᠤᠶᠢᠵᠢᠬᠤ ᠳᠤ ᠠᠯᠦᠰ ᠬᠡᠲᠦ ᠶᠢᠨ ᠠᠴᠢ | ᠬᠤᠯᠪᠤᠭᠲᠠᠯ ᠲᠠᠢ ᠶᠤᠮ︾ ᠭᠡᠵᠦ ᠦᠪᠦᠷ ᠮᠤᠩᠭᠤᠯ ᠤᠨ ᠨᠤᠮ ᠤᠨ ᠰᠠᠩ ᠤᠨ ᠮᠤᠩᠭᠤᠯ ᠨᠤᠮ ᠤᠨ ᠰᠠᠩ ᠤᠨ ᠲᠠᠷᠤᠭ᠎ᠠ ᠪᠤᠤ ᠶᠢᠨ ᠰᠢᠶᠠᠩ ᠶᠠᠷᠢᠨ᠎ᠠ᠃ ︵ᠵᠢᠷᠤᠭ ᠢ ᠦᠪᠦᠷ | ᠮᠤᠩᠭᠤᠯ ᠤᠨ ᠨᠤᠮ ᠤᠨ ᠰᠠᠩ ᠤᠨ ᠰᠢᠶᠤᠤ ᠴᠢᠩ︶ |