ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠴᠢᠭ᠋ ᠲᠣᠭᠲᠠᠭᠠᠨ ᠶᠠᠳᠠᠭᠤ ᠶᠢ ᠲᠡᠳᠬᠦᠬᠦ ᠵᠢᠴᠢ《ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ》ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-08-29
     ᠣᠶᠢᠷ᠎ᠠ ᠶᠢᠨ ᠡᠳᠤᠷ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠴᠢᠭ᠋ ᠲᠣᠭᠲᠠᠭᠠᠨ ᠶᠠᠳᠠᠭᠤ ᠶᠢ ᠲᠡᠳᠬᠦᠬᠦ ᠵᠢᠴᠢ《ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ》ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠦᠴᠦᠸᠠᠨ ᠰᠢᠶᠠᠨ ᠤ ᠡᠯ ᠹᠧᠨ ᠽᠢ ᠰᠢᠶᠠᠩ ᠳᠤ ᠬᠤᠷᠠᠯᠳᠤᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠰᠢᠣᠢ ᠭᠦᠸᠧ ᠮᠢᠩ ᠬᠤᠷᠠᠯ ᠡᠷᠬᠢᠯᠡᠨ  ᠬᠤᠷᠠᠯᠳᠤᠭᠤᠯᠤᠭᠰᠠᠨ ᠮᠥᠷᠲᠡᠭᠡᠨ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠴᠦᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠦᠨ ᠬᠠᠢ ᠬᠤᠷᠠᠯ ᠳᠤ ᠣᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠦᠴᠦᠸᠠᠨ ᠰᠢᠶᠠᠨ ᠤ ᠡᠯ ᠹᠧᠨ ᠽᠢ ᠰᠢᠶᠠᠩ ᠰᠠᠨᠠᠭᠠᠴᠢᠯᠠᠭ᠎ᠠ ᠠᠴᠠ ᠪᠠᠨ ᠲᠤᠰᠬᠤᠨ ᠬᠠᠷᠢᠭᠤᠴᠠᠭᠰᠠᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ᠂ ᠠᠵᠤ ᠠᠬᠤᠶᠢᠯᠠᠯ ᠪᠠ ᠲᠤᠰ ᠰᠢᠶᠠᠩ ᠤᠨ ᠵᠣᠯᠭᠠᠯᠤᠭ᠎ᠠ ᠶᠢᠨ ᠠᠵᠢᠯ ᠢ ᠰᠠᠶᠢᠨ ᠬᠢᠵᠣ᠂ ᠬᠠᠪᠰᠣᠷᠤᠨ ᠲᠡᠳᠬᠦᠬᠦ ᠨᠢᠭᠡᠴᠡ ᠪᠠ ᠠᠵᠤ ᠠᠬᠤᠶᠢᠯᠠᠯ ᠤᠨ ᠵᠦᠪᠰᠢᠶᠡᠷᠡᠯ ᠢ ᠣᠯᠬᠤ ᠶᠢᠨ ᠬᠠᠮᠲᠤ ᠬᠠᠪᠰᠤᠷᠤᠨ ᠲᠡᠳᠬᠦᠬᠦ ᠮᠡᠳᠡᠭᠡ ᠵᠠᠩᠬᠢ᠂ ᠬᠠᠪᠰᠤᠷᠤᠨ ᠲᠡᠳᠬᠦᠭᠰᠡᠨ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠵᠤ᠂ ᠬᠠᠪᠰᠤᠷᠤᠨ ᠲᠡᠳᠬᠦᠬᠦ ᠰᠠᠯᠠᠭ᠎ᠠ ᠮᠦᠴᠢᠷ ᠤᠨ ᠶᠠᠳᠠᠭᠤ ᠶᠢ ᠲᠡᠳᠬᠦᠬᠦ ᠠᠵᠢᠯ ᠤᠨ ᠪᠠᠶᠢᠳᠠᠯ᠂ ᠶᠠᠳᠠᠭᠤ ᠶᠢ ᠲᠡᠳᠬᠦᠭᠰᠡᠨ ᠦᠷ᠎ᠡ ᠪᠥᠲᠦᠮᠵᠢ ᠪᠠ ᠣᠷᠤᠰᠢᠵᠤ ᠪᠠᠶᠢᠭ᠎ᠠ ᠠᠰᠠᠭᠤᠳᠠᠯ ᠢ ᠪᠦᠷᠢᠨ ᠭᠦᠢᠴᠡᠳ᠂ ᠦᠨᠡᠨ ᠪᠤᠲᠠᠲᠠᠢ᠂ ᠣᠨᠤᠪᠴᠢᠲᠠᠢ ᠲᠤᠰᠬᠠᠬᠤ ᠳᠤ ᠲᠥᠭᠦᠮ ᠪᠣᠯᠭᠠᠬᠤ ᠬᠡᠷᠡᠭᠲᠠᠢ᠃ ᠡᠯ᠎ᠡ ᠬᠤᠯᠪᠣᠭᠳᠠᠯ ᠪᠦᠬᠦᠢ ᠨᠢᠭᠡᠴᠡ᠂ ᠡᠯ᠎ᠡ ᠬᠠᠪᠰᠤᠷᠤᠨ ᠲᠡᠳᠬᠦᠬᠦ ᠠᠵᠤ ᠠᠬᠤᠶᠢᠯᠠᠯ ᠦᠵᠡᠯ ᠰᠠᠨᠠᠭ᠎ᠠ ᠪᠠᠨ ᠨᠢᠭᠡᠳᠬᠡᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠴᠢᠭ᠋ ᠲᠣᠭᠲᠠᠭᠠᠨ ᠶᠠᠳᠠᠭᠤ ᠶᠢ ᠲᠡᠳᠬᠦᠬᠦ ᠵᠢᠴᠢ《ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ》ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠦᠷᠨᠢᠭᠦᠯᠬᠦ ᠴᠢᠬᠤᠯᠠ ᠶᠡᠭᠡ ᠠᠴᠢ ᠬᠤᠯᠪᠤᠭᠳᠠᠯ ᠢ ᠭᠦᠨᠵᠡᠭᠡᠢ ᠲᠠᠨᠢᠵᠤ᠂ ᠤᠯᠤᠰ ᠲᠥᠷᠦ ᠶᠢᠨ ᠵᠣᠭᠰᠤᠯᠲᠠ ᠪᠠᠨ ᠥᠨᠳᠦᠷᠵᠢᠭᠦᠯᠦᠨ᠂ ᠤᠯᠤᠰ ᠲᠥᠷᠦ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠠᠢ᠃ ᠣᠨᠤᠪᠴᠢᠲᠠᠢ ᠪᠠᠷ ᠵᠣᠯᠭᠠᠭᠤᠯᠤᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠴᠢᠭ᠋ ᠲᠣᠭᠲᠠᠭᠠᠨ ᠶᠠᠳᠠᠭᠤ ᠶᠢ ᠲᠡᠳᠬᠦᠬᠦ ᠵᠢᠴᠢ《ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ》ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠥᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ᠃ ᠣᠪᠤᠷ ᠰᠤᠷᠲᠠᠯ ᠢ ᠴᠢᠩᠭᠠᠳᠬᠠᠵᠤ᠂ ᠴᠢᠩᠭ᠎ᠠ ᠱᠠᠭᠠᠷᠳᠠᠯᠭ᠎ᠠ ᠪᠠ ᠪᠤᠳᠠᠲᠠᠢ ᠠᠵᠢᠯ ᠤᠨ ᠰᠤᠷᠲᠠᠯ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠤᠨ᠂ ᠡᠯ᠎ᠡ ᠵᠦᠢᠯ ᠤᠨ ᠡᠭᠦᠷᠭᠡ ᠪᠤᠲᠠᠲᠠᠶᠢᠵᠢᠬᠤ ᠶᠢ ᠪᠠᠲᠤᠯᠠᠬᠤ ᠬᠡᠷᠡᠭᠲᠠᠢ ᠭᠡᠪᠡ᠃      ᠬᠤᠷᠠᠯ ᠠᠴᠠ ᠴᠢᠩᠭᠠᠳᠬᠠᠭᠰᠠᠨ ᠨᠢ᠂ ᠲᠤᠰᠬᠤᠨ ᠳᠤ ᠰᠠᠭᠤᠭ᠎ᠠ ᠡᠯ᠎ᠡ ᠺᠠᠳ᠋ᠷᠴᠤᠳ ᠣᠯᠠᠨ ᠲᠥᠮᠡᠨ ᠤ ᠠᠵᠢᠯ ᠳᠤ ᠰᠡᠳᠬᠢᠯ ᠲᠠᠯᠪᠢᠨ᠂ ᠣᠯᠠᠨ ᠲᠥᠮᠡᠨ ᠤ ᠳᠣᠮᠳᠠ ᠭᠦᠨᠵᠡᠭᠡᠶᠢᠷᠡᠵᠤ᠂ ᠣᠯᠠᠨ ᠲᠥᠮᠡᠨ ᠲᠠᠢ ᠠᠭᠤᠰᠤᠯᠴᠠᠵᠤ᠂ ᠪᠠᠶᠢᠳᠠᠯ ᠢ ᠨᠢᠭᠤᠷᠳᠠᠨ ᠣᠶᠢᠯᠭᠠᠵᠤ᠂ ᠠᠰᠠᠭᠤᠳᠠᠯ ᠢ ᠨᠠᠷᠢᠨ ᠯᠠᠪᠯᠠᠵᠤ᠂ ᠶᠠᠳᠠᠭᠤ ᠶᠢ ᠲᠡᠳᠬᠦᠬᠦ ᠠᠷᠭ᠎ᠠ ᠠᠪᠴᠠᠯ ᠢ ᠣᠯᠠᠨ ᠲᠥᠮᠡᠨ ᠳᠤ ᠣᠶᠢᠯᠠᠭᠠᠭᠤᠯᠵᠤ᠂ ᠶᠠᠳᠠᠭᠤ ᠶᠢ ᠲᠡᠳᠬᠦᠬᠦ ᠶᠠᠪᠤᠴᠠ ᠳᠤ ᠣᠯᠠᠨ ᠲᠥᠮᠡᠨ ᠢ ᠣᠷᠤᠯᠴᠠᠭᠤᠯᠵᠤ᠂ ᠶᠠᠳᠠᠭᠤ ᠶᠢ ᠲᠡᠳᠬᠦᠬᠦ ᠦᠷ᠎ᠡ ᠪᠥᠲᠦᠮᠵᠢ ᠳᠤ ᠬᠠᠨᠤᠮᠵᠢᠲᠠᠢ ᠪᠠᠶᠢᠭᠰᠠᠨ ᠪᠠᠶᠢᠬᠤ ᠶᠢ ᠪᠠᠲᠤᠯᠠᠵᠤ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠠᠢ ᠭᠡᠪᠡ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠲᠥᠷᠦ ᠶᠢᠨ ᠪᠣᠳᠤᠯᠭ᠎ᠠ ᠰᠣᠳᠤᠯᠬᠤ ᠲᠠᠰᠤᠭ᠂ ᠬᠤᠲᠠ ᠶᠢᠨ ᠬᠢᠨᠠᠨ ᠪᠣᠳᠤᠬᠤ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠪᠠᠩᠬᠢ ᠶᠢᠨ ᠥᠪᠦᠷ ᠮᠣᠩᠭᠤᠯ ᠤᠨ ᠬᠤᠪᠢᠶᠠᠷᠢ ᠪᠠᠩᠬᠢ᠂ ᠥᠪᠦᠷ ᠮᠣᠩᠭᠤᠯ ᠤᠨ ᠾᠧᠩ ᠳ᠋ᠠ ᠣᠷᠤᠨ ᠰᠠᠭᠤᠴᠠ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠬᠤᠯᠪᠤᠭᠳᠠᠯ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠤᠯᠠᠭᠰᠠᠨ ᠮᠥᠷᠲᠡᠭᠡᠨ ᠬᠠᠷᠢᠭᠤ ᠮᠡᠳᠡᠭᠦᠯᠦᠯᠲᠡ ᠬᠢᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号