ᠰᠢᠨᠬᠤᠸᠠ ᠰᠦᠯᠵᠢᠶ᠎ᠡ ᠶᠢᠨ ᠬᠥᠬᠡᠬᠤᠲᠠ ᠶᠢᠨ 7 ᠰᠠᠷ᠎ᠠ ᠶᠢᠨ 31 ᠤ ᠡᠳᠦᠷ ᠤᠨ ᠴᠠᠬᠢᠯᠭᠠᠨ ᠮᠡᠳᠡᠭᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠦᠪᠯᠡᠯ ᠤᠨ ᠮᠡᠳᠡᠭᠡ ᠵᠢᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠥᠪᠥᠷ ᠮᠣᠩᠭᠤᠯ ᠤᠨᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠᠷ | ᠲᠣᠭᠲᠠᠵᠤ᠂ ᠲᠥᠷᠥᠯ ᠵᠦᠢᠯ ᠤᠨ ᠶᠡᠷᠦᠩᠬᠡᠢ ᠪᠡᠯᠡᠣᠷᠣᠭᠤᠯᠤᠯᠲᠠ ᠨᠢ 1 ᠳ᠋ᠦᠩᠰᠢᠭᠤᠷ ᠲᠦᠭᠦᠷᠢᠭ ᠪᠣᠯᠣᠨ᠎ᠠ᠃ | ᠣᠳᠣᠬᠠᠨ ᠳᠤ᠂ ᠲᠤᠰ ᠵᠦᠪᠯᠡᠯ ᠨᠢ ᠶᠠᠭ ᠲᠦᠷᠦᠯ ᠵᠦᠢᠯ ᠤᠨᠪᠣᠯᠣᠮᠵᠢᠲᠤ ᠴᠢᠨᠠᠷ ᠤᠨ ᠰᠤᠳᠤᠯᠭᠠᠨ ᠤ | ᠮᠡᠳᠡᠭᠦᠯᠦᠯᠲᠡ ᠶᠢ ᠴᠬᠤᠯᠪᠤᠷᠢᠯᠠᠵᠦ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠲᠥᠷᠥᠯ | ᠵᠦᠢᠯ ᠵᠢᠨᠪᠦ᠋ᠲᠦᠭᠡᠨ ᠪᠠᠶᠢᠭᠤᠯᠬᠤ ᠴᠢᠭ ᠨᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠷᠴᠢᠨ ᠡᠮᠦᠨ᠎ᠡ | ᠵᠠᠮ ᠤᠨ ᠪᠠᠷᠠᠭᠤᠨ ᠲᠠᠯ᠎ᠠ᠂ᠾᠦᠢ ᠮᠢᠨ ᠵᠡᠭᠡᠯᠢ ᠶᠢᠨ ᠬᠤᠶᠢᠲᠤ ᠪᠡᠶ᠎ᠡ᠂ ᠡᠷᠳᠡᠨᠢ ᠵᠡᠭᠡᠯᠢ ᠶᠢᠨ ᠡᠮᠦᠨ᠎ᠡ ᠲᠠᠯ᠎ᠠ᠂ | ᠠᠷᠢᠭᠤᠨ ᠵᠠᠮ ᠤᠨ ᠵᠡᠭᠦᠨ ᠪᠡᠶ᠎ᠡ ᠳ᠋ᠦᠪᠠᠶᠢᠷᠢᠯᠠᠨᠠ᠃ ᠲᠦᠷᠦᠯ ᠵᠦᠢᠯ ᠤᠨ ᠪᠠᠷᠢᠯᠭ᠎ᠠ ᠶᠢᠨ ᠡᠵᠡᠯᠡᠬᠦ ᠲᠠᠯᠠᠪᠠᠢ | ᠨᠢ23348 ᠳᠡᠭᠡᠭᠰᠢ ᠳᠦᠷᠪᠡᠯᠵᠢᠨ ᠮᠧᠲᠷ᠂ ᠶᠡᠷᠦᠩᠬᠡᠢᠪᠠᠷᠢᠯᠭᠠ ᠶᠢᠨ ᠡᠵᠡᠯᠡᠬᠦ ᠲᠠᠯᠠᠪᠠᠢ ᠨᠢ 24000 ᠲᠡᠭᠰᠢ | ᠳᠦᠷᠪᠡᠯᠵᠢᠨ ᠮᠧᠲᠷ᠂ ᠭᠠᠵᠠᠷ ᠳᠡᠭᠡᠷᠡᠬᠢ ᠪᠠᠷᠢᠯᠭ᠎ᠠ ᠨᠢ 21100ᠲᠡᠭᠰᠢ ᠳᠦᠷᠪᠡᠯᠵᠢᠨ ᠮᠧᠲᠷ᠂ ᠭᠠᠵᠠᠷ ᠳᠣᠣᠷᠠᠬᠢ | ᠪᠠᠷᠢᠯᠭ᠎ᠠ ᠨᠢ 2900 ᠲᠡᠭᠰᠢ ᠳᠦᠷᠪᠡᠯᠵᠢᠨ ᠮᠧᠲᠷ ᠪᠣᠯᠣᠨ᠎ᠠ᠃ ᠭᠠᠵᠠᠷ ᠳᠡᠭᠡᠷᠡᠬᠢ ᠬᠤᠶᠢᠲᠤ ᠲᠠᠯ᠎ᠠ ᠶᠢᠨ ᠭᠤᠣᠯ | ᠴᠣᠭᠴᠠᠲᠤ ᠪᠠᠷᠢᠯᠭ᠎ᠠ ᠨᠢ 8 ᠳᠠᠪᠬᠤᠷ᠂ ᠡᠮᠦᠨ᠎ᠡ ᠲᠠᠯ᠎ᠠ ᠶᠢᠨ ᠬᠤᠷᠮᠣᠶᠢᠪᠴᠢ ᠠᠰᠠᠷ ᠨᠢᠭᠤᠷᠪᠠᠨ ᠳᠠᠪᠬᠤᠷ᠂ | ᠭᠤᠣᠯᠳᠠᠭᠤ ᠨᠢᠭᠡ ᠶᠡᠷᠦᠩᠬᠡᠶᠢᠯᠡᠭᠰᠡᠨ ᠬᠢᠴᠢᠶᠡᠯᠯᠡᠬᠦ ᠠᠰᠠᠷ᠂ ᠭᠠᠵᠠᠷ ᠳᠣᠣᠷᠠᠬᠢ ᠲᠡᠷᠭᠡ ᠵᠣᠭᠰᠤᠬᠤ ᠭᠠᠵᠠᠷ᠂ | ᠲᠣᠨᠣᠭᠯᠠᠯ ᠤᠨ ᠲᠠᠰᠤᠭ ᠵᠢᠴᠢ ᠨᠣᠭᠤᠭᠠᠷᠠᠭᠤᠯᠤᠯᠲᠠ᠂ ᠢᠩᠲᠣᠣᠷ ᠤᠨ ᠴᠡᠴᠡᠭ᠂ ᠵᠠᠮ ᠮᠦᠷ ᠵᠡᠷᠭᠡ ᠣᠯᠠᠨ | ᠨᠡᠶᠢᠲᠡ ᠵᠢᠨᠲ᠋ᠤᠰᠠᠯᠠᠬᠤ ᠪᠠᠷᠢᠯᠭ᠎ᠠ ᠶᠢ ᠪᠠᠶᠢᠭᠤᠯᠤᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ | ᠪᠡᠯᠡ ᠮᠦᠩᠭᠦ ᠨᠢᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠦᠩᠭᠦ ᠠᠴᠠ ᠢᠷᠡᠨ᠎ᠡ᠃ |