ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠪᠠᠶᠢᠴᠠᠭᠠᠨ ᠰᠤᠳᠤᠯᠬᠤ ᠬᠤᠶᠠᠳᠤᠭᠠᠷ ᠳᠤᠭᠤᠶᠢᠯᠠᠩ ᠤᠨ ᠬᠢᠨ ᠴᠢᠩ ᠱᠦᠢ ᠾᠧ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2018-08-31
     8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ  ᠪᠠᠶᠢᠴᠠᠭᠠᠨ ᠰᠤᠳᠤᠯᠬᠤ ᠬᠤᠶᠠᠳᠤᠭᠠᠷ ᠳᠤᠭᠤᠶᠢᠯᠠᠩ ᠤᠨ ᠳᠠᠷᠤᠭ᠎ᠠ ᠵᠧᠩ ᠰᠢᠤ ᠳ᠋ᠦᠩ ᠨᠠᠷ ᠴᠢᠩ ᠱᠦᠢ ᠾᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠳᠤ ᠬᠦᠷᠴᠦ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠲᠤᠰ ᠲᠤᠰ ᠴᠢᠩ ᠱᠦᠢ ᠾᠧ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠣᠯᠣᠨ ᠠᠵᠢᠯ ᠤᠨ ᠶᠡᠷᠦᠩᠬᠡᠶ ᠠᠩᠭᠢ ᠶᠢᠨ ᠠᠩᠭᠢ ᠲᠠᠢ ᠶᠠᠷᠢᠯᠴᠠᠬᠤ᠂ ᠠᠵᠢᠯ ᠤᠨ ᠶᠡᠷᠦᠩᠬᠡᠶ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠠᠰᠨ ᠪᠠᠶᠢᠳᠠᠯ᠂ ᠴᠢᠩ ᠱᠦᠢ ᠾᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠭ᠎ᠠ ᠪᠠᠶᠢᠳᠠᠯ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠭᠰᠠᠨ ᠵᠡᠷᠭᠡ ᠲᠠᠯ᠎ᠠ ᠪᠠᠷ ᠬᠢ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ᠬᠤᠶᠢᠰᠢᠳᠠ ᠶᠢᠨ ᠬᠢᠨᠠᠨ ᠵᠢᠯᠣᠭᠤᠳᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠠᠨᠠᠯ ᠬᠤᠷᠢᠶᠠᠵᠠᠶ᠃      ᠶᠠᠷᠢᠯᠴᠠᠭ᠎ᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠢᠯ ᠤᠨ ᠶᠡᠷᠦᠩᠬᠡᠶ ᠠᠩᠭᠢ ᠶᠢᠨ ᠰᠠᠭᠤᠭ᠎ᠠ ᠭᠠᠵᠠᠷ ᠲᠤ ᠬᠦᠷᠴᠦ᠂ ᠠᠵᠢᠯ ᠤᠨ ᠠᠩᠭᠢ ᠶᠢᠨ ᠬᠡᠰᠢᠭᠦᠨ ᠤ ᠪᠠᠶᠢᠷᠢ ᠪᠠ ᠠᠯᠪᠠᠨ ᠭᠡᠷ ᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯ ᠤᠨ ᠡᠳᠦᠷ ᠤᠨ ᠲᠡᠮᠳᠡᠭᠯᠡᠯ᠂ ᠴᠢᠯᠥᠭᠡ ᠠᠪᠬᠤ ᠬᠠᠭᠤᠳᠠᠰᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠠᠵᠢᠯ ᠤᠨ ᠶᠡᠷᠦᠩᠬᠡᠶ ᠠᠩᠬᠢ ᠶᠢᠨ ᠠᠵᠢᠯ ᠤᠨ ᠮᠠᠲ᠋ᠧᠷᠢᠶᠠᠯ᠂ ᠠᠰᠠᠭᠤᠳᠠᠯ ᠢ ᠬᠢᠨᠠᠨ ᠵᠢᠯᠣᠭᠤᠳᠬᠤ ᠪᠠᠷᠢᠮᠲᠠ ᠵᠡᠷᠭᠡ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠭᠡᠰᠢᠭᠦᠳ ᠠᠵᠢᠯ᠂ ᠰᠤᠷᠤᠯᠭ᠎ᠠ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠡᠷᠦᠩᠬᠡᠶ ᠠᠩᠭᠢ ᠶᠢᠨ ᠭᠤᠷᠪᠠᠨ ᠰᠠᠷ᠎ᠠ ᠭᠠᠷᠤᠶ ᠲᠤᠷᠰᠢ  ᠬᠢ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠢᠯᠠᠩᠭᠤᠶ᠎ᠠ ᠠᠵᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠨ ᠲᠣᠰᠬᠤᠨ ᠳᠤ ᠰᠠᠭᠤᠵᠤ ᠢᠳᠡᠭᠰᠡᠨ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠵᠦ᠂ ᠳᠣᠷᠣᠭᠰᠢ ᠰᠠᠨᠠᠯ ᠬᠤᠷᠢᠶᠠᠵᠤ᠂ ᠠᠵᠢᠯ ᠢ ᠨᠠᠷᠢᠯᠢᠭ ᠣᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯ ᠤᠨ ᠶᠡᠷᠦᠩᠬᠡᠶ ᠠᠩᠭᠢ ᠶᠢ ᠮᠠᠰᠢ ᠴᠢᠬᠤᠯᠠᠴᠢᠯᠠᠨ ᠬᠠᠯᠠᠮᠵᠢᠯᠠᠵᠤ ᠪᠠᠶᠢᠭ᠎ᠠ ᠶᠢ ᠢᠯᠡᠷᠡᠭᠦᠯᠵᠦ᠂ ᠪᠦᠬᠦ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠢᠶᠠᠷ ᠭᠦᠢᠴᠡᠳᠬᠡᠵᠦ᠂ ᠦᠢᠯᠡᠳᠦᠯ ᠢᠶᠠᠨ ᠨᠡᠩ ᠰᠠᠶᠢᠨ ᠢᠶᠠᠷ ᠪᠠᠳᠠᠷᠠᠭᠤᠯᠬᠤ ᠳᠤ ᠴᠢᠭᠯᠡᠯ ᠢ ᠵᠢᠭᠠᠵᠤ᠂ ᠤᠷᠮᠠᠰᠢᠭᠤᠯᠤᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号