ᠴᠢᠩ ᠱᠦᠢ ᠾᠧ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠮᠥᠷᠭᠡ ᠤ ᠣᠷᠣᠭᠤᠯᠤᠭᠰᠠᠨ 78 ᠲᠦᠷᠥᠯ ᠵᠦᠢᠯ ᠢ ᠡᠬᠢᠯᠡᠭᠦᠯᠦᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2018-08-06
     ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯᠲᠠ᠂ ᠳᠦᠷᠢᠮᠵᠢᠯᠲᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠩ ᠱᠦᠢ ᠾᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢᠨ ᠲᠤᠰᠠᠳᠠ᠂ ︽ᠲᠣᠰᠬᠤᠨ ᠭᠤᠶᠤᠴᠢᠯᠠᠨ ᠮᠡᠳᠡᠭᠦᠯᠬᠤ᠂ ᠰᠢᠶᠠᠩ ᠬᠢᠨᠠᠨ ᠬᠠᠷᠭᠤᠭᠤᠯᠵᠤ᠂ ᠰᠠᠯᠠᠭ᠎ᠠ ᠮᠥᠴᠢᠷ ᠬᠢᠨᠠᠨ ᠲᠣᠭᠲᠠᠭᠠᠬᠤ︾ ᠵᠢᠷᠤᠮ ᠶᠣᠰᠣᠭᠠᠷ᠂ ᠭᠤᠷᠪᠠᠨ ᠵᠢᠯ ᠤᠨ ᠨᠥᠭᠡᠴᠡ ᠲᠥᠷᠥᠯ ᠵᠦᠢᠯ ᠢ ᠨᠡᠶᠢᠲᠡ 405 ᠬᠢᠨᠠᠨ ᠲᠣᠭᠲᠠᠭᠠᠵᠤ᠂  ᠨᠠᠶᠢᠲᠠ 8.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠳᠣᠬᠠᠨ ᠳᠤ ᠨᠢᠭᠡᠨᠲᠡ ᠬᠥᠮᠥᠷᠭᠡ ᠳᠤ ᠣᠷᠣᠭᠤᠯᠤᠭᠰᠠᠨ 78 ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠪᠡ᠃ ᠬᠡᠷᠡᠭᠵᠢᠭᠦᠯᠦᠭᠰᠡᠨ ᠬᠥᠮᠥᠷᠭᠡ ᠣᠷᠣᠭᠤᠯᠤᠭᠰᠠᠨ 78 ᠲᠦᠷᠥᠯ ᠵᠦᠢᠯ ᠳᠤ ᠤᠷᠢᠳᠠᠪᠠᠷ ᠲᠠᠷᠢᠵᠤ ᠳᠠᠷᠠᠭ᠎ᠠ ᠨᠢ ᠨᠥᠬᠦᠪᠦᠷᠢ ᠣᠯᠭᠤᠬᠤ᠂ ᠤᠷᠢᠳᠠᠪᠠᠷ ᠲᠡᠵᠢᠭᠡᠵᠦ ᠳᠠᠷᠠᠭ᠎ᠠ ᠨᠢ ᠨᠥᠬᠦᠪᠥᠷᠢ ᠣᠯᠭᠤᠬᠤ ᠲᠥᠷᠥᠯ ᠵᠦᠢᠯ 25 ᠪᠠᠶᠢᠵᠤ᠂ ᠨᠠᠶᠢᠳᠠᠨ ᠲᠡᠵᠢᠭᠡᠯᠭᠡᠬᠦ ᠵᠡᠷᠭᠡ ᠬᠤᠪᠢ ᠣᠷᠣᠭᠤᠯᠵᠤ ᠠᠰᠢᠭ ᠬᠤᠪᠢᠶᠠᠬᠤ ᠲᠥᠷᠥᠯ ᠵᠦᠢᠯ10 ᠪᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ 17 ᠪᠠᠶᠢᠵᠤ᠂ ᠵᠢᠵᠢᠭ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ 2 ᠪᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠣᠯᠭᠤᠬᠤ ᠲᠥᠷᠥᠯ ᠵᠦᠢᠯ 8 ᠪᠠᠶᠢᠵᠤ ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠣᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠵᠠᠷᠤᠳᠠᠯ ᠲᠤᠰᠢᠶᠠᠬᠤ ᠲᠥᠷᠥᠯ ᠵᠦᠢᠯ 8 ᠪᠠᠶᠢᠵᠤ᠂ ᠪᠠᠭ᠎ᠠ ᠲᠣᠭᠠᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢᠨ ᠲᠥᠷᠥᠯ ᠵᠦᠢᠯ 8 ᠪᠠᠶᠢᠵᠤ᠂ ᠲᠥᠷᠥᠯ ᠵᠦᠢᠯ ᠢ ᠬᠡᠷᠡᠭᠵᠢᠭᠦᠯᠦᠭᠰᠡᠨ ᠤ ᠲᠡᠷᠠᠭ᠎ᠠ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠡᠷᠦᠬᠡ ᠪᠦᠬᠦᠨ ᠳᠤ ᠠᠰᠢᠭ ᠬᠦᠷᠲᠡᠭᠡᠬᠦ ᠶᠢ ᠪᠡᠶᠡᠯᠡᠭᠦᠯᠵᠦ ᠴᠢᠳᠠᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号