7 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ 2018 ᠣᠨ | ᠳᠤ ᠰᠢᠨ᠎ᠡ ᠪᠠᠷ ᠡᠯᠰᠡᠭᠰᠡᠨ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ | ᠠᠮᠢᠳᠣᠷᠠᠯ ᠳᠤ ᠦᠢᠯᠡᠴᠢᠯᠡᠬᠦ 7000 ᠭᠠᠷᠣᠢ ᠰᠠᠶᠢᠨ ᠳᠣᠷᠠᠴᠣᠣᠯ ᠮᠠᠨ ᠤ ᠰᠢᠶᠠᠨ ᠳᠤ ᠥᠪᠥᠷ ᠮᠣᠩᠭᠤᠯ ᠤᠨ | ᠹᠧᠩ ᠵᠸᠥ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠶᠢᠨ ᠵᠦᠩ ᠱᠠᠨ ᠳᠡᠭᠡᠳᠦ ᠰᠣᠷᠭᠠᠭᠤᠯᠢ ᠳᠤ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠣᠷᠠᠯ ᠬᠦᠷᠲᠡᠪᠡ᠃ | ᠲᠣᠰ ᠣᠳᠠᠭᠠᠨ ᠤ ᠪᠣᠯᠪᠠᠰᠣᠷᠠᠯ ᠨᠢ ᠨᠡᠶᠢᠲᠡ6 ᠬᠤᠭᠤᠴᠠᠭ᠎ᠠ ᠪᠠᠶᠢᠵᠣ᠂ ᠪᠦᠭᠦᠳᠡ ᠪᠢᠲᠡᠭᠦᠮᠵᠢᠯᠡᠭᠰᠡᠨ | ᠮᠠᠶ᠋ᠢᠭ ᠤᠨ ᠴᠡᠷᠢᠭᠵᠢᠭᠦᠯᠦᠭᠰᠡᠨ ᠬᠠᠮᠢᠶᠠᠷᠣᠯᠲᠠ ᠶᠢ ᠶᠠᠪᠣᠭᠳᠠᠭᠤᠯᠪᠠ᠃ ᠪᠣᠯᠪᠠᠰᠣᠷᠠᠯ ᠤᠨ ᠠᠭᠤᠯᠭ᠎ᠠ ᠨᠢ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ᠂ ᠶᠡᠷᠦᠩᠬᠡᠢ ᠱᠦᠵᠢ ᠰᠢ ᠶᠢᠨ ᠫᠢᠩ ᠶᠢᠨ | ᠥᠪᠥᠷ ᠮᠣᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠶᠡᠷᠢᠶ᠎ᠠ ᠶᠢᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ | ᠣᠷᠣᠨ ᠤ ᠪᠠᠶᠢᠳᠠᠯ ᠬᠢᠭᠡᠳ ᠬᠤᠷᠸ᠎ᠠ ᠠᠵᠣ ᠠᠬᠤᠢ ᠶᠢᠨ ᠪᠠᠶᠢᠳᠠᠯ᠂ ᠬᠠᠣᠯᠢᠵᠢᠯ ᠤᠨ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠣᠯᠲᠠ᠂ ᠦᠨᠳᠦᠰᠦᠨ ᠱᠠᠲᠣᠨ ᠤ ᠠᠵᠢᠯ ᠤᠨ ᠠᠷᠭ᠎ᠠ ᠬᠡᠯᠪᠡᠷᠢ᠂ ᠶᠠᠳᠠᠭᠤ ᠠᠴᠠ | ᠠᠩᠭᠢᠵᠢᠷᠠᠭᠤᠯᠵᠣ ᠪᠣᠭᠤᠮᠲᠠ ᠰᠢᠪᠲᠣᠯᠬᠤ ᠳᠠᠶᠢᠨ ᠤ ᠢᠯᠠᠯᠲᠠ ᠶᠢ ᠣᠯᠬᠤ ᠵᠡᠷᠭᠡ ᠮᠡᠳᠡᠯᠭᠡ ᠪᠠᠷ ᠭᠤᠣᠯᠯᠠᠵᠣ᠂ | ᠠᠯᠪᠠᠨ ᠪᠢᠴᠢᠭ ᠮᠠᠲ᠋ᠧᠷᠢᠶᠠᠯ ᠤᠨ ᠪᠣᠯᠪᠠᠰᠣᠷᠠᠯ ᠵᠡᠷᠭᠡ ᠪᠣᠳᠠᠲᠣ ᠬᠡᠷᠡᠭᠴᠡᠭᠡᠲᠦ ᠮᠡᠷᠭᠡᠰᠢᠯ ᠢᠶᠠᠷ ᠳᠡᠳ᠋ᠯᠡᠭᠦᠯᠪᠡ᠃ | ᠡᠭᠦᠨ ᠤ ᠬᠠᠮᠲᠣ᠂ ᠲᠣᠰ ᠣᠳᠠᠭᠠᠨ ᠤ ᠪᠣᠯᠪᠠᠰᠣᠷᠠᠯ ᠤᠨ ᠠᠩᠭᠢ ᠳᠤ᠂ ᠬᠤᠷᠢᠨᠭᠡᠷ ᠰᠢᠶᠠᠨ ᠤ ᠬᠦᠮᠦᠨ ᠬᠡᠷᠡᠭᠯᠡᠬᠦ | ᠪᠠᠶᠢᠭᠤᠯᠭ᠎ᠠ ᠶᠢᠨ ᠲᠦᠯᠦᠭᠡᠯᠡᠭᠴᠢ ᠪᠣᠯᠣᠨ ᠦᠩᠭᠡᠷᠡᠭᠰᠡᠨ ᠵᠢᠯ ᠤᠨ ᠰᠢᠯᠢᠳᠡᠭ ︽ᠭᠤᠷᠪᠠ ᠶᠢ ᠳᠡᠮᠵᠢᠵᠦ ᠨᠢᠭᠡ ᠶᠢ | ᠳᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠣᠷᠠᠯ ᠤᠨ ᠰᠠᠶᠢᠨ ᠳᠣᠷᠠᠴᠣᠣᠯ ᠤᠨ ᠲᠦᠯᠦᠭᠡᠯᠡᠭᠴᠢ | ᠶᠠᠷᠢᠶ᠎ᠠ ᠲᠠᠯᠪᠢᠵᠤ᠂ ᠬᠦᠮᠦᠨ ᠬᠡᠷᠡᠭᠯᠡᠬᠦ ᠪᠠᠶᠢᠭᠤᠯᠭ᠎ᠠ ᠶᠢᠨ ᠵᠣᠭᠰᠣᠴᠠ ᠪᠣᠯᠣᠨ ᠰᠠᠶᠢᠨ ᠳᠣᠷᠠᠴᠣᠣᠯ ᠤᠨ | ᠵᠣᠭᠰᠣᠴᠠ ᠠᠴᠠ ᠲᠣᠰᠪᠣᠷᠢ ᠠᠵᠢᠯ ᠤᠨ ᠲᠣᠷᠰᠢᠯᠭ᠎ᠠ ᠪᠠᠨ ᠣᠯᠠᠨ ᠲᠠᠢ ᠬᠤᠪᠢᠶᠠᠯᠴᠠᠭᠰᠠᠨ ᠪᠠᠶᠢᠨ᠎ᠠ᠃ ᠲᠣᠰ | ᠣᠳᠠᠭᠠᠨ ᠤ ᠪᠣᠯᠪᠠᠰᠣᠷᠠᠯ ᠠᠭᠤᠯᠭ᠎ᠠ ᠭᠦᠢᠴᠡᠳ᠂ ᠬᠡᠯᠪᠡᠷᠢ ᠣᠯᠠᠨ ᠶᠠᠩᠵᠣ ᠶᠢᠨ ᠪᠠᠶᠢᠵᠣ᠂ ᠪᠣᠯᠪᠠᠰᠣᠷᠠᠯ ᠳᠤ | ᠣᠷᠣᠯᠴᠠᠭᠰᠠᠨ ᠬᠦᠮᠦᠰ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ᠲᠣᠰ ᠣᠳᠠᠭᠠᠨ ᠤ ᠪᠣᠯᠪᠠᠰᠣᠷᠠᠯ ᠢᠶᠠᠷ ᠳᠠᠮᠵᠢᠵᠣ᠂ ᠰᠢᠨ᠎ᠡ ᠡᠯᠰᠡᠭᠳᠡᠭᠰᠡᠨ ᠬᠦᠮᠦᠰ ᠲᠤ ᠤᠯᠠᠮ ᠨᠢᠭᠡ | ᠠᠯᠬᠤᠮ ᠣᠯᠣᠰ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ ᠶᠢ ᠮᠡᠳᠡᠭᠦᠯᠵᠦ | ᠂ ᠮᠠᠨ ᠤ ᠣᠷᠣᠨ ᠤ ᠲᠠᠷᠢᠶᠠᠯᠠᠬᠤ ᠮᠠᠯᠵᠢᠬᠤ ᠣᠷᠣᠨ ᠪᠣᠯᠣᠨ ᠬᠤᠲᠠ ᠪᠠᠯᠭᠠᠰᠣ ᠨᠡᠶᠢᠭᠡᠮ ᠲᠣᠭᠤᠷᠢᠭ ᠵᠡᠷᠭᠡ ᠶᠢᠨ | ᠦᠨᠳᠦᠰᠦᠨ ᠱᠠᠲᠣᠨ ᠤ ᠪᠠᠶᠢᠳᠠᠯ ᠢ ᠨᠡᠩ ᠭᠦᠨᠵᠡᠭᠡᠢ ᠲᠠᠨᠢᠭᠤᠯᠵᠣ᠂ ᠨᠠᠮ ᠤᠨ ᠣᠨᠣᠯ᠂ ᠴᠢᠭᠯᠡᠯᠲᠡ᠂ ᠲᠦᠷᠥ ᠶᠢᠨ | ᠪᠣᠳᠣᠯᠭ᠎ᠠ ᠶᠢ ᠭᠦᠢᠴᠡᠳ ᠣᠶᠢᠯᠠᠭᠠᠭᠤᠯᠵᠣ᠂ ᠦᠨᠳᠦᠰᠦᠨ ᠱᠠᠲᠣᠨ ᠳᠤ ᠦᠢᠯᠡᠴᠢᠯᠡᠬᠦ ᠣᠬᠠᠮᠰᠠᠷ ᠢ ᠨᠢ | ᠨᠡᠮᠡᠭᠳᠡᠭᠦᠯᠵᠦ᠂ ᠦᠨᠳᠦᠰᠦᠨ ᠱᠠᠲᠣᠨ ᠤ ᠠᠵᠢᠯ ᠢ ᠥᠷᠨᠢᠭᠦᠯᠬᠦ ᠳᠤ ᠪᠠᠲᠣ ᠪᠠᠬᠢ ᠰᠠᠭᠤᠷᠢ ᠶᠢ ᠲᠠᠯᠪᠢᠵᠣ | ᠥᠭᠭᠦᠭᠰᠡᠨ ᠪᠠᠶᠢᠨ᠎ᠠ᠃ |