| | | 7 ᠳ᠋ᠣᠭᠠᠷ ᠰᠠᠷ᠎ᠠ ᠶᠢᠨ 31 ᠤ ᠡᠳᠤᠷ᠂《8.1》 ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠤ ᠢᠷᠡᠬᠦ | ᠲᠠᠰᠢᠷᠠᠮ ᠢᠶᠠᠷ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ | ᠡᠷᠬᠢᠯᠡᠭᠴᠢ ᠡᠤ ᠸᠧᠨ ᠪᠢᠶᠣᠣ᠂ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠡᠷᠭᠡ | ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠰᠠᠭᠤᠭ᠎ᠠ ᠭᠠᠵᠠᠷ ᠤᠨ ᠴᠡᠷᠢᠭ ᠠᠩᠬᠢ᠂ ᠴᠡᠷᠢᠭ ᠠᠴᠠ | ᠬᠠᠯᠠᠭᠳᠠᠭᠰᠠᠳ ᠪᠠ ᠠᠯᠪᠠᠯᠠᠵᠤ ᠪᠠᠶᠢᠭ᠎ᠠ ᠴᠡᠷᠢᠭ ᠤᠨ ᠭᠡᠷ ᠲᠤ ᠬᠦᠷᠴᠤ᠂ ᠰᠠᠭᠤᠭ᠎ᠠ ᠭᠠᠵᠠᠷ ᠤᠨ ᠴᠡᠷᠢᠭ | ᠪᠠᠶᠢᠯᠳᠤᠭᠴᠢ ᠵᠢᠴᠢ ᠠᠮᠢᠳᠤᠷᠠᠯ ᠬᠦᠴᠢᠷᠲᠠᠢ ᠬᠠᠯᠠᠭᠳᠠᠭᠰᠠᠨ ᠴᠡᠷᠢᠭ ᠤᠨ ᠭᠡᠷ ᠪᠦᠯᠢ ᠶᠢᠨ ᠬᠢᠨ ᠢ ᠪᠣᠯᠭᠤᠭᠠᠨ | ᠲᠣᠬᠤᠨᠢᠭᠤᠯᠵᠤ᠂ ᠪᠠᠶᠠᠷ ᠤᠨ ᠡᠳᠤᠷ ᠤᠨ ᠮᠡᠨᠳᠦᠴᠢᠯᠡᠯ ᠬᠦᠷᠭᠡᠪᠡ᠃ | ᠰᠢᠶᠠᠨ ᠤ ᠳᠦᠷᠪᠡᠨ ᠶᠡᠭᠡ ᠪᠠᠭ ᠤᠨ ᠤᠳᠤᠷᠢᠳᠤᠯᠭ᠎ᠠ ᠤᠷᠢᠳ ᠬᠤᠵᠢᠳ ᠭᠠᠯ ᠢ ᠰᠡᠷᠭᠡᠶᠢᠯᠡᠬᠦ ᠶᠡᠭᠡ ᠠᠩᠬᠢ᠂ | ᠵᠡᠪᠰᠡᠭᠲᠤ ᠴᠠᠭᠳᠠᠭᠠᠨ ᠤ ᠳᠣᠮᠳᠠ ᠠᠩᠬᠢ᠂ ᠵᠡᠪᠰᠡᠭᠲᠤ ᠬᠦᠴᠦᠨ ᠤ ᠬᠡᠯᠲᠡᠰ ᠪᠠ ᠢᠷᠠᠭᠤ ᠠᠯᠳᠠᠷᠲᠠᠨ ᠤ | ᠬᠦᠷᠢᠶᠡᠯᠡᠩ ᠳᠤ ᠬᠦᠷᠴᠤ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ ᠶᠢᠨ ᠵᠢᠵᠢᠭᠦᠷᠯᠡᠯ᠂ ᠰᠤᠷᠭᠠᠨ | ᠪᠣᠯᠪᠠᠰᠤᠷᠠᠭᠤᠯᠤᠯᠲᠠ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠭᠠᠨᠢ ᠨᠠᠰᠤᠲᠠᠨ ᠢ ᠠᠰᠠᠷᠠᠨ ᠬᠠᠷᠠᠭᠠᠯᠵᠠᠬᠤ | ᠬᠥᠮᠦᠰ ᠤᠨ ᠡᠮ ᠡᠮᠨᠡᠯᠭᠡ ᠠᠮᠢᠳᠤᠷᠠᠯ ᠤᠨ ᠪᠠᠶᠢᠳᠠᠯ ᠢ ᠨᠠᠷᠢᠯᠢᠭ ᠣᠶᠢᠯᠭᠠᠪᠠ᠃ | ᠳᠠᠷᠠᠭ᠎ᠠ ᠨᠢ᠂ ᠬᠠᠯᠠᠭᠳᠠᠭᠰᠠᠨ ᠴᠡᠷᠢᠭ ᠳ᠋ᠤᠸᠠᠨ ᠸᠧᠨ ᠪᠢᠨ ᠤ ᠳᠤ ᠬᠦᠷᠴᠤ ᠠᠮᠢᠳᠤᠷᠠᠯ ᠤᠨ ᠪᠠᠶᠢᠳᠠᠯ ᠢ ᠨᠢ | ᠨᠠᠷᠢᠯᠢᠭ ᠣᠶᠢᠯᠭᠠᠵᠤ᠂ ᠲᠡᠭᠦᠨ ᠤ ᠴᠡᠷᠢᠭ ᠠᠩᠬᠢ ᠳᠤ ᠪᠠᠶᠢᠬᠤ ᠳᠤ ᠪᠠᠨ ᠲᠡᠷᠭᠡᠨ ᠠᠳᠡᠯ ᠭᠠᠷᠴᠤ ᠨᠠᠰᠤᠨ ᠤ ᠵᠡᠮᠳᠡᠭ | ᠪᠤᠯᠤᠭᠰᠠᠨ ᠪᠠ ᠭᠡᠷ ᠪᠦᠯᠢ ᠨᠢ ᠬᠦᠳᠡᠯᠮᠦᠷᠢ ᠬᠦᠴᠦ ᠳᠤᠲᠠᠮᠠᠭ᠂ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠬᠡᠤᠬᠡᠳ ᠤᠨ ᠢᠶᠠᠨ ᠰᠤᠷᠤᠯᠭ᠎ᠠ ᠠᠮᠢᠳᠤᠷᠠᠯ ᠢ ᠨᠢ ᠠᠷᠭᠠᠴᠠᠭᠠᠵᠤ ᠳᠡᠶᠢᠯᠬᠦ ᠦᠭᠡᠢ ᠪᠠᠶᠢᠭ᠎ᠠ ᠶᠢ ᠣᠶᠢᠯᠭᠠᠭᠰᠠᠨ ᠤ | ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠢ ᠬᠠᠯᠠᠮᠵᠢᠯᠠᠵᠤ᠂ | ᠲᠡᠳᠡᠨ ᠢ ᠬᠠᠪᠰᠤᠷᠴᠤ ᠪᠤᠳᠠᠳᠠᠢ ᠬᠦᠴᠢᠷᠳᠡᠯ ᠢ ᠨᠢ ᠰᠢᠢᠳᠪᠦᠷᠢᠯᠡᠨ ᠥᠭᠴᠤ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ | ᠶᠠᠳᠠᠭᠤ ᠬᠦᠴᠢᠷᠳᠡᠯᠲᠠᠢ ᠭᠡᠷ ᠪᠦᠯᠢ ᠪᠤᠯᠭᠠᠨ ᠳᠤ ᠬᠦᠷᠭᠡᠵᠤ ᠥᠭᠬᠦ ᠶᠢ ᠨᠠᠶᠢᠳᠠᠭᠰᠠᠨ ᠪᠥᠭᠡᠳ ᠲᠡᠳᠡᠨ ᠤ ᠤᠯᠤᠰ | ᠣᠷᠤᠨ ᠪᠠ ᠠᠷᠠᠳ ᠲᠥᠮᠡᠨ ᠤ ᠪᠠᠨ ᠲᠥᠯᠦᠭᠡ ᠬᠤᠪᠢ ᠨᠡᠮᠡᠷᠢ ᠪᠠᠨ ᠦᠵᠡᠭᠦᠯᠦᠭᠰᠡᠨ ᠳᠤ ᠴᠢᠩ ᠰᠡᠳᠬᠢᠯ ᠤᠨ | ᠲᠠᠯᠠᠷᠬᠠᠯ ᠳᠡᠪᠰᠢᠭᠦᠯᠵᠤ᠂ ᠠᠵᠤ ᠠᠮᠢᠳᠤᠷᠠᠯ ᠤᠨ ᠬᠢᠨᠢ ᠥᠭᠡᠳᠡ ᠡᠰᠡᠷᠡᠭ᠂ ᠠᠰ ᠤᠨ ᠪᠡᠶ᠎ᠡ ᠶᠢᠨ ᠬᠢᠨᠢ ᠡᠷᠭᠦᠯ ᠡᠩᠬᠡ | ᠪᠠᠶᠢᠬᠤ ᠶᠢ ᠵᠦᠩᠨᠡᠨ ᠪᠡᠯᠭᠡᠳᠡᠪᠡ᠃ | ᠢᠷᠠᠭᠤ ᠠᠯᠳᠠᠷᠲᠠᠨ ᠤ ᠬᠦᠷᠢᠶᠡᠯᠡᠩ ᠳᠤ᠂ ᠰᠢᠶᠠᠨ ᠤ ᠤᠳᠤᠷᠢᠳᠤᠯᠭ᠎ᠠ ᠨᠠᠷ ᠠᠬᠠᠮᠠᠳ ᠨᠠᠰᠤᠲᠠᠳ ᠲᠠᠢ | ᠵᠣᠭᠤᠭ ᠳᠡᠯᠭᠡᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠡᠶ᠎ᠡ ᠶᠢᠨ ᠪᠠᠶᠢᠳᠠᠯ ᠢ ᠠᠰᠠᠭᠤᠨ ᠯᠠᠪᠯᠠᠵᠤ᠂ ᠠᠬᠠᠮᠠᠳ | ᠨᠥᠬᠦᠳ ᠤᠨ ᠪᠠᠶᠢᠯᠳᠤᠭᠠᠨ ᠤ ᠬᠤᠭᠤᠴᠠᠭᠠᠨ ᠳᠤ ᠦᠵᠡᠭᠦᠯᠦᠭᠰᠡᠨ ᠬᠤᠪᠢ ᠨᠡᠮᠡᠷᠢ ᠪᠠ ᠦᠴᠦᠸᠠᠨ ᠰᠢᠶᠠᠨ ᠤ ᠠᠵᠣ | ᠠᠬᠤᠢ ᠨᠡᠶᠢᠭᠡᠮ ᠤᠨ ᠬᠥᠭᠵᠢᠯᠲᠡ ᠳᠤᠮᠳᠠ ᠪᠠᠳᠠᠷᠠᠭᠤᠯᠤᠭᠰᠠᠨ ᠦᠢᠯᠡᠳᠤᠯ ᠳᠤ ᠲᠠᠯᠠᠷᠬᠠᠵᠤ᠂ ᠠᠬᠠᠮᠠᠳ ᠨᠥᠬᠦᠳ ᠲᠤ | ᠪᠠᠶᠠᠷ ᠤᠨ ᠡᠳᠤᠷ ᠤᠨ ᠮᠡᠨᠳᠦᠴᠢᠯᠡᠯ ᠬᠦᠷᠭᠡᠪᠡ᠃ | ᠪᠣᠯᠭᠤᠭᠠᠨ ᠲᠣᠬᠤᠨᠢᠭᠤᠯᠭ᠎ᠠ ᠳᠣᠮᠳᠠ᠂ ᠴᠡᠷᠢᠭ ᠠᠩᠬᠢ ᠶᠢᠨ ᠤᠳᠤᠷᠢᠳᠤᠯᠭ᠎ᠠ ᠢᠯᠡᠷᠬᠡᠶᠢᠯᠡᠭᠰᠡᠨ ᠨᠢ᠂ | ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠦᠴᠦᠸᠠᠨ ᠰᠢᠶᠠᠨ ᠤ ᠬᠤᠷᠢᠶ᠎ᠠ᠂ ᠵᠠᠰᠠᠭ ᠤᠨ ᠣᠷᠳᠤᠨ | ᠤ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠵᠤ᠂ ᠴᠡᠷᠢᠭ ᠪᠠ ᠣᠷᠤᠨ ᠨᠤᠲᠤᠭ ᠤᠨ ᠬᠠᠮᠲᠤ ᠶᠢᠨ ᠪᠥᠲᠦᠭᠡᠨ | ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠨᠠᠮ ᠪᠠ ᠠᠷᠠᠳ ᠤᠨ ᠦᠨᠡᠨᠴᠢ ᠬᠠᠮᠠᠭᠠᠯᠠᠭᠴᠢ ᠪᠣᠯᠵᠤ᠂ ᠦᠴᠦᠸᠠᠨ | ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠣᠬᠢᠬᠤ ᠬᠤᠪᠢ ᠨᠡᠮᠡᠷᠢ ᠦᠵᠡᠭᠦᠯᠬᠦ ᠬᠡᠷᠡᠭᠲᠠᠢ ᠭᠡᠪᠡ᠃ |