ᠣᠶᠢᠷ᠎ᠠ ᠶᠢᠨ ᠡᠳᠤᠷ᠂ ᠦᠴᠦᠸᠠᠨ ᠰᠢᠶᠠᠨ ᠤ ᠡᠷᠡᠭᠦᠯ ᠬᠠᠮᠠᠭᠠᠯᠠᠯ ᠪᠠ ᠲᠥᠯᠦᠪᠯᠡᠭᠡᠲᠤ ᠦᠷᠡᠵᠢᠯ ᠤᠨ | ᠲᠣᠪᠴᠢᠶ᠎ᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠂ | ᠰᠢᠶᠠᠨ ᠤ ᠡᠮᠨᠡᠯᠭᠡ ᠶᠢᠨ ᠬᠤᠷᠢᠶ᠎ᠠ᠂ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠯ᠎ᠡ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠷᠢᠭᠤᠴᠠᠯᠭᠠᠲᠠᠨ ᠵᠢᠴᠢ ᠡᠷᠡᠭᠦᠯ ᠬᠠᠮᠠᠭᠠᠯᠠᠯ ᠪᠠ | ᠲᠥᠯᠦᠪᠯᠡᠭᠡᠲᠤ ᠦᠷᠡᠵᠢᠯ ᠤᠨ ᠲᠣᠪᠴᠢᠶ᠎ᠠ ᠶᠢᠨ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ | ᠲᠠᠰᠤᠭ ᠤᠨ ᠬᠢᠨ ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ᠂ ᠦᠴᠦᠸᠠᠨ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠥᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠤᠭᠠᠷ᠂ ᠰᠢᠶᠠᠩ ᠪᠠᠯᠭᠠᠰᠤᠨ ᠤ | ᠵᠢᠷᠭᠤᠭᠠᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠡᠯᠡᠯᠴᠡᠭᠡᠷ | ᠲᠣᠭᠲᠠᠪᠠ᠂ ᠬᠤᠷᠠᠯ ᠠᠴᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠤᠭᠠᠳᠤ ᠶᠢᠨ ᠰᠢᠯᠢᠳᠡᠭ ᠡᠬᠢ ᠪᠠᠶᠠᠯᠢᠭ ᠢ | ᠬᠤᠪᠢᠶᠠᠯᠴᠠᠬᠤ᠂ ᠠᠵᠢᠯ ᠬᠤᠪᠢᠶᠠᠷᠢᠯᠠᠨ ᠬᠠᠮᠵᠢᠯᠴᠢᠨ ᠠᠵᠢᠯᠯᠠᠬᠤ ᠵᠡᠷᠭᠡ ᠬᠠᠮᠢᠶᠠᠷᠤᠯᠲᠠ ᠶᠢᠨ ᠬᠡᠯᠪᠡᠷᠢ ᠪᠠ ᠱᠠᠲᠤ | ᠬᠤᠪᠢᠶᠠᠨ ᠡᠮᠴᠢᠯᠡᠬᠦ ᠳᠦᠷᠢᠮ ᠢ ᠠᠬᠢᠭᠤᠯᠬᠤ ᠲᠠᠯ᠎ᠠ ᠪᠠᠷ ᠰᠠᠨᠠᠯ ᠳᠤᠷᠠᠳᠪᠠ᠂ ᠲᠤᠰ ᠤᠳᠠᠭᠠᠨ ᠤ ᠬᠤᠷᠠᠯ ᠢᠶᠠᠷ | ᠳᠠᠮᠵᠢᠭᠠᠳ᠂ ᠦᠴᠦᠸᠠᠨ ᠰᠢᠶᠠᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠥᠲᠦᠭᠡᠨ ᠪᠠᠶᠢᠭᠤᠯᠤᠯᠲᠠ ᠬᠦᠳᠡᠭᠡ | ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠥᠬᠦᠨ ᠢ ᠪᠥᠷᠬᠦᠭᠦᠯᠬᠦ ᠶᠢ ᠪᠡᠶᠡᠯᠡᠭᠦᠯᠪᠡ᠃ |