ᠰᠢᠨᠬᠤᠸᠠ ᠮᠣᠩᠭᠤᠯ ᠨᠧᠲ ᠬᠦᠬᠡᠬᠤᠳᠠ ᠶᠢᠨ 9 ᠰᠠᠷ᠎ᠠ ᠶᠢᠨ 6 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ ᠰᠢᠦᠢ ᠮᠧᠢ︶ 6 ᠤ ᠡᠳᠤᠷ ᠦᠪᠦᠷ ᠮᠣᠩᠭᠤᠯ ᠤᠨ | ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠳᠤᠬᠡᠷ ︽ᠲᠠᠯ᠎ᠠ ᠨᠤᠳᠤᠭ ᠤᠨ ᠰᠤᠶᠤᠯ ᠤᠨ ᠦᠪ ᠤᠨ ᠬᠠᠮᠠᠭᠠᠯᠠᠯᠳᠠ ᠶᠢᠨ ᠡᠳᠤᠷ︾ ᠤᠨ ᠴᠤᠪᠤᠷᠠᠯ ᠦᠵᠡᠰᠬᠦᠯᠡᠩ ᠦᠪᠦᠷ | ᠮᠣᠩᠭᠤᠯ ᠤᠨ ᠦᠵᠡᠰᠬᠦᠯᠡᠩ ᠤᠨ ᠤᠷᠳᠤᠨ ᠳᠤ ᠨᠡᠬᠡᠬᠡᠯᠳᠡ ᠪᠠᠨ ᠬᠢᠪᠡ᠃ | | ᠲᠤᠰ ᠤᠳᠠᠭᠠᠨ ᠤ ᠦᠵᠡᠰᠬᠦᠯᠡᠩ ᠳᠤ ︽ᠮᠣᠩᠭᠤᠯ ᠦᠨᠳᠤᠰᠳᠦᠡᠨ ᠤ ᠬᠤᠪᠴᠠᠰᠤ ᠵᠠᠰᠠᠯ ᠤᠨ ᠦᠵᠡᠬᠦᠯᠦᠯᠬᠡ︾ ᠪᠤᠯᠤᠨ ︽2018 ᠤᠨ ᠤ ᠦᠪᠯᠡᠭᠴᠢᠳ ᠤᠨ | ᠪᠤᠯᠪᠠᠰᠤᠷᠠᠯ ᠤᠨ ᠦᠷ᠎ᠡ ᠪᠦᠲᠦᠬᠡᠯ ᠤᠨ ᠦᠵᠡᠬᠦᠯᠦᠯᠬᠡ︾ ᠬᠤᠶᠠᠷ ᠦᠵᠡᠭᠦᠯᠦᠯᠭᠡ ᠶᠢᠨ ᠲᠢᠩᠬᠢᠮ ᠲᠠᠢ᠃ ᠡᠬᠦᠨ ᠳᠤ ︽ᠮᠣᠩᠭᠤᠯ ᠦᠨᠳᠤᠰᠦᠳᠡᠨ ᠤ ᠬᠤᠪᠴᠠᠰᠤ ᠵᠠᠰᠠᠯ ᠤᠨ | ᠦᠵᠡᠬᠦᠯᠦᠯᠬᠡ︾ ᠨᠢ ᠦᠪᠦᠷ ᠮᠣᠩᠭᠤᠯ ᠤᠨ ᠮᠣᠩᠭᠤᠯ ᠦᠨᠳᠤᠰᠦᠳᠡᠨ ᠤ ᠠᠳᠠᠯᠢ ᠪᠤᠰᠤ ᠠᠶᠢᠮᠠᠭ ᠤᠭᠰᠠᠭᠠᠨ ᠤ ᠰᠠᠭᠤᠷᠢᠰᠢᠯ ᠤᠨ ᠭᠠᠵᠠᠷ ᠤᠷᠤᠨ ᠤᠨ ᠤᠨᠴᠠᠯᠢᠭ ᠢᠶᠠᠷ ᠨᠢ | ᠬᠤᠪᠴᠠᠰᠤ ᠵᠠᠰᠠᠯ ᠤᠨ ᠰᠤᠶᠤᠯ ᠤᠨ 6 ᠲᠤᠭᠤᠷᠢᠭ ᠢ ᠪᠤᠢ ᠪᠤᠯᠭᠠᠨ ᠡᠯ᠎ᠡ ᠠᠶᠢᠮᠠᠭ ᠤᠭᠰᠠᠭᠠᠨ ᠤ ᠦᠪᠡᠷᠮᠢᠴᠠ ᠤᠨᠴᠠᠯᠢᠭ ᠢ ᠢᠯᠡᠷᠬᠡᠢ ᠬᠠᠷᠠᠭᠤᠯᠵᠤ ᠴᠢᠳᠠᠬᠤ 95 ᠢᠵᠢ | ᠬᠤᠪᠴᠠᠰᠤ ᠵᠠᠰᠠᠯ ᠢ ᠲᠡᠯᠭᠡᠨ ᠦᠵᠡᠬᠦᠯᠵᠤ᠂ ᠮᠣᠩᠭᠤᠯ ᠦᠨᠳᠤᠰᠤᠳᠠᠨ ᠤ ᠬᠤᠪᠴᠠᠰᠤ ᠵᠠᠰᠠᠯ ᠤᠨ ᠰᠤᠶᠤᠯ ᠤᠨ ᠤᠯᠠᠮᠵᠢᠯᠠᠳᠤ ᠰᠢᠨᠵᠢ ᠪᠤᠯᠤᠨ ᠤᠯᠠᠨ ᠶᠠᠩᠵᠤᠳᠤ ᠰᠢᠨᠵᠢ ᠶᠢ | ᠬᠦᠢᠴᠡᠳ ᠬᠠᠷᠠᠭᠤᠯᠵᠠᠢ᠃ ︽2018 ᠤᠨ ᠤ ᠦᠪᠯᠡᠭᠴᠢᠳ ᠤᠨ ᠪᠤᠯᠪᠠᠰᠤᠷᠠᠯ ᠤᠨ ᠦᠷ᠎ᠡ ᠪᠦᠲᠦᠬᠡᠯ ᠤᠨ ᠦᠵᠡᠬᠦᠯᠦᠯᠬᠡ︾ ᠨᠢ ᠮᠣᠩᠭᠤᠯ ᠦᠰᠦᠭ ᠤᠨ ᠤᠷᠠᠨ ᠪᠢᠴᠢᠯᠬᠡ᠂ | ᠠᠷᠠᠰᠤᠨ ᠤᠷᠠᠯᠠᠯ ᠪᠤᠯᠤᠨ ᠠᠯᠳᠠ ᠮᠦᠩᠬᠦ ᠬᠦᠷᠡᠯ ᠤᠨ ᠡᠳ᠋ᠯᠡᠯ ᠬᠢᠬᠦ ᠤᠷᠠᠯᠢᠭ᠂ ᠬᠠᠳᠬᠤᠮᠠᠯ ᠤᠷᠠᠯᠠᠯ ᠵᠡᠷᠬᠡ 4 ᠬᠤᠭᠤᠴᠠᠭᠠᠨ ᠤ ᠪᠤᠯᠪᠠᠰᠤᠷᠠᠯ ᠤᠨ ᠠᠩᠬᠢ ᠶᠢᠨ ᠤᠯᠤᠭᠰᠠᠨ | ᠠᠮᠵᠢᠯᠳᠠ ᠶᠢᠨ 200 ᠭᠠᠷᠤᠢ ᠪᠦᠲᠦᠬᠡᠯ ᠢ ᠲᠡᠯᠬᠡᠨ ᠦᠵᠡᠬᠦᠯᠦᠭᠰᠡᠨ ᠪᠠᠶᠢᠨ᠎ᠠ᠃ | ᠤᠶᠢᠯᠠᠭᠠᠭᠰᠠᠨ ᠢᠶᠠᠷ᠂ ᠲᠠᠯ᠎ᠠ ᠨᠤᠳᠤᠭ ᠤᠨ ᠰᠤᠶᠤᠯ ᠤᠨ ᠦᠪ ᠢ ᠬᠠᠮᠠᠭᠠᠯᠠᠵᠤ᠂ ᠦᠨᠳᠤᠰᠦᠳᠡᠨ ᠤ ᠰᠢᠯᠢᠳᠡᠭ ᠰᠤᠶᠤᠯ ᠢ ᠤᠯᠠᠮᠵᠢᠯᠠᠬᠤ ᠶᠢᠨ ᠲᠦᠯᠦᠬᠡ 2005 ᠤᠨ ᠠᠴᠠ | ᠡᠬᠢᠯᠡᠨ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠵᠢᠯ ᠪᠦᠷᠢ ᠶᠢᠨ 9 ᠰᠠᠷ᠎ᠠ ᠶᠢᠨ 6 ᠤ ᠡᠳᠤᠷ ᠢ ︽ᠦᠪᠦᠷ ᠮᠣᠩᠭᠤᠯ ᠤᠨ ᠲᠠᠯ᠎ᠠ | ᠨᠤᠳᠤᠭ ᠤᠨ ᠰᠤᠶᠤᠯ ᠤᠨ ᠬᠠᠮᠠᠭᠠᠯᠠᠯᠳᠠ ᠶᠢᠨ ᠡᠳᠤᠷ︾ ᠢᠶᠠᠷ ᠲᠤᠭᠳᠠᠭᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠶᠢ ᠦᠪᠦᠷ ᠮᠣᠩᠭᠤᠯ ᠤᠨ ᠦᠪᠡᠷᠳᠡᠬᠡᠨ ᠵᠠᠰᠠᠬᠤ | ᠤᠷᠤᠨ ᠤ ᠰᠤᠶᠤᠯ ᠤᠨ ᠲᠢᠩᠬᠢᠮ ᠰᠠᠨᠠᠭᠠᠴᠢᠯᠠᠨ᠂ ᠦᠪᠦᠷ ᠮᠣᠩᠭᠤᠯ ᠤᠨ ᠦᠵᠡᠰᠬᠦᠯᠡᠩ ᠤᠨ ᠤᠷᠳᠤᠨ ᠡᠷᠬᠢᠯᠡᠨ ᠬᠢᠵᠡᠢ᠂ 9 ᠰᠠᠷ᠎ᠠ ᠶᠢᠨ 12 ᠤᠨ ᠡᠳᠤᠷ ᠪᠤᠯᠳᠠᠯ᠎ᠠ | ᠦᠷᠬᠦᠯᠵᠢᠯᠡᠨ᠎ᠡ᠃ |