8 ᠳ᠋ᠤᠭᠠᠷ ᠰᠠᠷ᠎ᠠ ᠶᠢᠨ 28 ᠤ ᠡᠳᠤᠷ᠂ ᠣᠢ ᠰᠢᠭᠤᠢ ᠶᠢᠨ ᠲᠣᠪᠴᠢᠶ᠎ᠠ ᠰᠤᠷᠤᠯᠴᠠᠬᠤ ᠬᠤᠷᠠᠯ | ᠬᠤᠷᠠᠯᠳᠤᠭᠤᠯᠵᠤ᠂ ᠲᠣᠪᠴᠢᠶᠠᠨ ᠤ ᠤᠳᠤᠷᠢᠳᠤᠯᠭ᠎ᠠ᠂ ᠬᠤᠶᠠᠳᠤᠭᠠᠷ ᠱᠠᠲᠤᠨ ᠤ ᠡᠯ᠎ᠡ ᠨᠢᠭᠡᠴᠡ᠂ ᠲᠠᠰᠤᠭ᠂ ᠥᠷᠲᠡᠭᠡ᠂ | ᠠᠯᠪᠠᠨ ᠭᠡᠷ ᠤᠨ ᠬᠠᠷᠢᠭᠤᠴᠠᠯᠭᠠᠲᠠᠳ ᠢ ᠵᠣᠬᠢᠶᠠᠨ ᠪᠠᠶᠢᠭᠤᠯᠵᠤ᠂ ᠦᠴᠦᠸᠠᠨ ᠰᠢᠶᠠᠨ ᠤ《ᠭᠤᠷᠪᠠᠨ ᠶᠠᠪᠤᠳᠠᠯ》 ᠢ | ᠢᠯᠡ ᠪᠤᠯᠭᠠᠬᠤ ᠭᠠᠷᠴᠠᠭ ᠤᠨ︵ᠲᠤᠷᠰᠢᠨ ᠬᠡᠷᠡᠭᠵᠢᠭᠦᠯᠬᠦ︶ ᠮᠡᠳᠡᠭᠳᠡᠯ ᠢ ᠳᠠᠮᠵᠢᠭᠤᠯᠤᠨ ᠰᠤᠷᠤᠯᠴᠠᠪᠠ᠃ | ᠬᠤᠷᠠᠯ ᠠᠴᠠ ᠱᠠᠭᠠᠷᠳᠠᠭᠰᠠᠨ ᠨᠢ᠂《ᠭᠤᠷᠪᠠᠨ ᠶᠠᠪᠤᠳᠠᠯ》 ᠢ ᠢᠯᠡ ᠪᠤᠯᠭᠠᠬᠤ ᠠᠵᠢᠯ ᠤᠨ ᠴᠢᠬᠤᠯᠠ ᠴᠢᠨᠠᠷ | ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠣᠯᠠᠨ ᠲᠥᠮᠡᠨ ᠤ ᠪᠠᠶᠢᠳᠠᠯ ᠢ ᠣᠶᠢᠯᠭᠠᠬᠤ ᠡᠷᠬᠡ᠂ ᠣᠷᠤᠯᠴᠠᠬᠤ | ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂《ᠭᠤᠷᠪᠠᠨ ᠶᠠᠪᠤᠳᠠᠯ》 ᠢ ᠢᠯᠡ ᠪᠤᠯᠭᠠᠬᠤ ᠠᠵᠢᠯ ᠤᠨ | ᠦᠢᠯᠡᠳᠦᠯ ᠢ ᠢᠳᠡᠪᠬᠢᠲᠠᠢ ᠪᠠᠳᠠᠷᠠᠭᠤᠯᠬᠤ ᠬᠡᠷᠡᠭᠲᠠᠢ᠃ ᠴᠢᠨᠠᠭᠰᠢᠲᠠ ᠴᠢᠩᠭ᠎ᠠ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ | ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠲᠤᠰᠬᠤᠨ ᠤ ᠶᠠᠪᠤᠳᠠᠯ ᠢ ᠢᠯᠡ ᠪᠤᠯᠭᠠᠬᠤ ᠠᠵᠢᠯ ᠢ ᠵᠢᠷᠤᠮᠵᠢᠭᠤᠯᠬᠤ᠂ | ᠳᠦᠷᠢᠮᠵᠢᠭᠦᠯᠬᠦ᠂ ᠶᠠᠪᠤᠴᠠᠵᠢᠭᠤᠯᠬᠤ ᠪᠥᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂《ᠭᠤᠷᠪᠠᠨ | ᠶᠠᠪᠤᠳᠠᠯ》 ᠢ ᠢᠯᠡ ᠪᠤᠯᠭᠠᠬᠤ ᠠᠵᠢᠯ ᠤᠨ ᠨᠠᠶᠢᠳᠠᠪᠤᠷᠢᠵᠢᠬᠤ ᠶᠢ ᠪᠠᠲᠤᠯᠠᠬᠤ ᠬᠡᠷᠡᠭᠲᠠᠢ᠃ ᠠᠵᠢᠯ ᠢ ᠲᠣᠳᠤᠷᠬᠠᠢ | ᠬᠤᠪᠢᠶᠠᠷᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠶᠢᠨ ᠬᠦᠴᠦᠨ ᠢ ᠪᠦᠷᠢᠯᠳᠦᠭᠦᠯᠵᠤ᠂《ᠭᠤᠷᠪᠠᠨ | ᠶᠠᠪᠤᠳᠠᠯ》 ᠢ ᠢᠯᠡ ᠪᠤᠯᠭᠠᠬᠤ ᠠᠵᠢᠯ ᠦᠷ᠎ᠡ ᠪᠥᠲᠦᠮᠵᠢ ᠣᠯᠬᠤ ᠶᠢ ᠪᠠᠲᠤᠯᠠᠬᠤ ᠬᠡᠷᠡᠭᠲᠠᠢ ᠭᠡᠪᠡ᠃ |