ᠬᠥᠬᠡᠬᠤᠲᠠ ᠣᠷᠣᠨ ᠤ ᠠᠩᠬᠠᠳᠠᠭᠴᠢ  ﹇ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠬᠦ﹈  ᠶᠢ ᠣᠯᠭᠤᠪᠠ
ᠨᠡᠶᠢᠲᠡᠯᠡᠭᠰᠡᠨ ᠴᠠᠭ᠄
2018-09-11
     9 ᠳ᠋ᠦ᠋ᠭᠡᠷ ᠰᠠᠷ᠎ᠠ ᠶᠢᠨ 7 ᠤ ᠡᠳᠦᠷ ᠤᠨ 10 ᠴᠠᠭ 30 ᠮᠢᠨᠦ᠋ᠲ ᠲᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ﹇ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠬᠦ﹈ ᠶᠢ ᠭᠤᠶᠤᠴᠢᠯᠠᠭᠰᠠᠨ ᠲᠠᠶᠢᠸᠠᠨ ᠤ ᠡᠯᠢᠭᠡ ᠨᠢᠭᠡᠲᠡᠨ ᠴᠧᠨ ᠠᠪᠤᠭᠠᠢ ᠳᠤ ᠣᠷᠣᠨ ᠤ ᠠᠩᠬᠠᠳᠠᠭᠴᠢ ᠣᠷᠣᠰᠢᠨ ᠰᠠᠭᠤᠬᠤ ᠦᠨᠡᠮᠯᠡᠬᠦ ᠶᠢ ᠣᠯᠭᠤᠪᠠ᠃      ᠣᠶᠢᠯᠭᠠᠭᠰᠠᠨ ᠢᠶᠠᠷ᠂ ᠬᠥᠬᠡᠬᠤᠲᠠ ᠶᠢᠨ ᠲᠤᠰ ᠭᠠᠵᠠᠷ ᠲᠤ ﹇ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠬᠦ﹈ ᠶᠢ ᠭᠤᠶᠤᠴᠢᠯᠠᠵᠤ ᠪᠣᠯᠬᠤ ᠴᠢᠮᠡᠭᠡ ᠶᠢ ᠰᠣᠨᠣᠰᠤᠭᠰᠠᠨ ᠲᠠᠶᠢᠸᠠᠨ ᠤ ᠡᠯᠢᠭᠡ ᠨᠢᠭᠡᠲᠡᠨ ᠴᠧᠨ ᠠᠪᠤᠭᠠᠢ᠂ 9 ᠳ᠋ᠦ᠋ᠭᠡᠷ ᠰᠠᠷ᠎ᠠ ᠶᠢᠨ 3 ᠤ ᠡᠳᠦᠷ ᠢᠦᠢ ᠴᠢᠣᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠠᠯᠪᠤᠷᠢ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠬᠠᠮᠢᠶᠠᠷᠬᠤ ᠶᠡᠭᠡ ᠠᠩᠭᠢ ᠳᠤ ᠬᠦᠷᠴᠦ ᠭᠤᠶᠤᠴᠢᠯᠠᠯ ᠬᠢᠪᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠷᠭᠤᠭᠤᠯᠤᠯᠲᠠ ᠪᠠᠷ ᠳᠠᠮᠵᠢᠵᠤ᠂ ᠴᠧᠨ ᠠᠪᠤᠭᠠᠢ ᠣᠷᠣᠰᠢᠨ ᠰᠠᠭᠤᠬᠤ ᠦᠨᠡᠮᠯᠡᠬᠦ  ᠪᠠᠨ ᠳᠣᠣᠷᠠᠬᠠᠨ ᠭᠤᠶᠤᠴᠢᠯᠠᠨ ᠣᠯᠵᠤ᠂ ᠥᠪᠥᠷ ᠮᠣᠩᠭᠤᠯ  ᠳᠤ ᠰᠠᠭᠤᠭ᠎ᠠ ᠲᠠᠶᠢᠸᠠᠨ ᠤ ᠡᠯᠢᠭᠡ ᠨᠢᠭᠡᠲᠡᠨ ᠤ ᠣᠷᠣᠰᠢᠨ ᠰᠠᠭᠤᠬᠤ ᠦᠨᠡᠮᠯᠡᠬᠦ ᠣᠯᠣᠭᠰᠠᠨ ᠨᠢᠭᠡᠳᠦᠭᠡᠷ ᠬᠥᠮᠥᠨ ᠪᠣᠯᠣᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 9 ᠳ᠋ᠦ᠋ᠭᠡᠷ ᠰᠠᠷ᠎ᠠ ᠶᠢᠨ 7 ᠤ ᠡᠳᠦᠷ ᠤᠨ 12 ᠴᠠᠭ ᠪᠣᠯᠲᠠᠯ᠎ᠠ᠂ ᠮᠠᠨ ᠤ ᠬᠤᠲᠠ ᠳᠤ ᠨᠢᠭᠡᠨᠲᠡ 5 ᠬᠥᠮᠥᠨ ﹇ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠬᠦ﹈ ᠣᠯᠣᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号