| | | 9 ᠳ᠋ᠦ᠋ᠭᠡᠷ ᠰᠠᠷ᠎ᠠ ᠶᠢᠨ11 ᠤ ᠡᠳᠦᠷ᠂ ᠭᠤᠸᠠᠩᠵᠸᠣ ᠬᠤᠲᠠ ᠶᠢᠨ ᠣᠯᠣᠰ ᠲᠦᠷᠥ ᠶᠢᠨ ᠵᠥᠪᠯᠡᠯᠭᠡᠨ ᠤ | ᠲᠡᠷᠢᠭᠦᠯᠡᠭᠴᠢ ᠯᠢᠤ ᠶᠣᠸᠠᠢ ᠯᠦᠨ ᠨᠠᠷ ᠮᠠᠨ ᠤ ᠰᠢᠶᠠᠨ ᠳᠤ ᠬᠦᠷᠦᠯᠴᠡᠨ ᠢᠷᠡᠵᠦ᠂ ᠠᠵᠣ ᠠᠬᠤᠢ ᠨᠡᠶᠢᠭᠡᠮ ᠤᠨ | ᠬᠦᠭᠵᠢᠯᠲᠡ᠂ ᠠᠮᠢ ᠠᠬᠤᠢ ᠲᠠᠷᠢᠶᠠᠯᠠᠩ ᠤᠨ ᠦᠢᠯᠡᠰ ᠤᠨ ᠬᠠᠮᠠᠭᠠᠯᠠᠯᠲᠠ ᠪᠣᠯᠣᠨ ᠵᠢᠭᠤᠯᠴᠢᠯᠠᠯ ᠤᠨ ᠬᠦᠭᠵᠢᠯᠲᠡ | ᠵᠡᠷᠭᠡ ᠲᠠᠯ᠎ᠠ ᠪᠠᠷ ᠪᠠᠶᠢᠴᠠᠭᠠᠯᠲᠠ ᠬᠢᠪᠡ᠃ ᠬᠤᠲᠠ ᠶᠢᠨ ᠣᠯᠣᠰ ᠲᠦᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠬᠤᠢ ᠯᠢ᠂ ᠰᠢᠶᠠᠨ ᠤ ᠣᠯᠣᠰ ᠲᠦᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠠᠨ ᠴᠠᠩ ᠭᠧᠨ ᠨᠠᠷ ᠪᠠᠷ᠎ᠠ ᠪᠣᠯᠵᠤ | ᠪᠠᠶᠢᠴᠠᠭᠠᠯᠲᠠ ᠬᠢᠪᠡ᠃ | ᠪᠠᠶᠢᠴᠠᠭᠠᠯᠲᠠ ᠶᠢᠨ ᠪᠦᠯᠬᠦᠮ ᠤᠨ ᠬᠢᠨ ᠣᠷᠢᠳ ᠬᠤᠵᠢᠳ ᠰᠠᠢ ᠺᠧ ᠰᠢᠩ ᠺᠤᠮᠫᠠᠨᠢ᠂ ᠮᠧᠩ ᠼᠤᠤ ᠺᠤᠮᠫᠠᠨᠢ | ᠪᠣᠯᠣᠨ ᠮᠧᠩ ᠨᠢᠦ ᠪᠦᠯᠦᠭᠯᠡᠯ ᠳᠤ ᠬᠦᠷᠴᠦ᠂ ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠪᠠᠶᠢᠴᠠᠭᠠᠨ ᠦᠵᠡᠪᠡ᠃ ᠪᠠᠶᠢᠴᠠᠭᠠᠯᠲᠠ ᠶᠢᠨ ᠪᠦᠯᠬᠦᠮ ᠤᠨ ᠬᠢᠨ ᠰᠠᠢ ᠺᠧ ᠰᠢᠩ ᠺᠤᠮᠫᠠᠨᠢ ᠶᠢᠨ | ᠬᠠᠷᠢᠭᠤᠴᠠᠯᠭᠠᠲᠠᠨ ᠤ ᠲᠠᠶᠢᠯᠤᠮᠵᠢ ᠶᠢ ᠰᠣᠨᠣᠰᠴᠣ᠂ ᠮᠠᠯ ᠤᠨ ᠦᠷᠡᠵᠢᠯᠲᠡ ᠪᠣᠯᠣᠨ ᠪᠡᠯᠭᠡ ᠴᠢᠨᠠᠷ ᠤᠨ ᠡᠵᠡᠮᠳᠡᠯ | ᠮᠡᠷᠭᠡᠵᠢᠯ ᠢ ᠤᠯᠠᠮ ᠨᠢᠭᠡ ᠠᠯᠬᠤᠮ ᠣᠶᠢᠯᠠᠭᠠᠪᠠ︔ ᠪᠠᠶᠢᠴᠠᠭᠠᠯᠲᠠ ᠶᠢᠨ ᠪᠦᠯᠬᠦᠮ ᠤᠨ ᠬᠢᠨ ᠮᠧᠩ ᠼᠤᠤ | ᠺᠤᠮᠫᠠᠨᠢ ᠶᠢᠨ ᠬᠠᠷᠢᠭᠤᠴᠠᠯᠭᠠᠲᠠᠨ ᠯᠤᠭ᠎ᠠ ᠺᠣᠮᠫᠠᠨᠢ ᠶᠢᠨ ᠠᠮᠢ ᠠᠬᠤᠢ ᠶᠢᠨ ᠨᠣᠭᠤᠭᠠᠷᠠᠭᠤᠯᠣᠯᠲᠠ᠂ ᠠᠮᠢ ᠠᠬᠤᠢ ᠶᠢᠨ | ᠰᠡᠷᠭᠦᠨ ᠵᠠᠰᠠᠯᠲᠠ᠂ ᠣᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ | ᠲᠣᠭᠤᠷᠢᠨ ᠳᠤ ᠶᠠᠷᠢᠯᠴᠠᠭ᠎ᠠ ᠬᠢᠵᠦ᠂ ᠺᠤᠮᠫᠠᠨᠢ ᠶᠢᠨ ᠪᠣᠳᠠᠲᠠᠢ ᠡᠵᠡᠩᠨᠡᠵᠦ ᠪᠠᠶᠢᠭ᠎ᠠ ᠲᠣᠭᠲᠠᠴᠠ᠂ ᠡᠵᠡᠩᠨᠡᠯᠲᠡ ᠶᠢᠨ | ᠬᠡᠪ ᠵᠠᠭᠪᠣᠷ ᠢ ᠤᠯᠠᠮ ᠨᠢᠭᠡ ᠠᠯᠬᠤᠮ ᠨᠠᠷᠢᠯᠢᠭ ᠣᠶᠢᠯᠠᠭᠠᠪᠠ︔ ᠪᠠᠶᠢᠴᠠᠭᠠᠯᠲᠠ ᠶᠢ ᠪᠦᠯᠬᠦᠮ ᠤᠨ ᠬᠢᠨ ᠪᠠᠰᠠ ᠮᠧᠩ | ᠨᠢᠦ ᠵᠢᠷᠭᠤᠳᠣᠭᠠᠷ ᠬᠤᠭᠤᠴᠠᠭ᠎ᠠ ᠶᠢ ᠲᠣᠭᠤᠷᠢᠨ ᠦᠵᠡᠵᠦ᠂ ᠮᠧᠩ ᠨᠢᠦ ᠪᠦᠯᠦᠭᠯᠡᠯ ᠤᠨ ᠬᠦᠭᠵᠢᠯᠲᠡ ᠶᠢᠨ ᠡᠭᠦᠰᠦᠯ | ᠂ ᠲᠡᠥᠬᠡ ᠶᠢᠨ ᠲᠣᠶᠢᠮᠣ ᠪᠠᠶᠢᠳᠠᠯ᠂ ᠠᠵᠣ ᠦᠢᠯᠡᠰ ᠤᠨ ᠬᠦᠭᠵᠢᠯᠲᠡ ᠵᠢᠴᠢ ᠠᠵᠣ ᠠᠬᠤᠶᠢᠯᠠᠯ ᠤᠨ ᠠᠵᠣ | ᠦᠢᠯᠡᠰ ᠤᠨ ᠲᠦᠯᠦᠪᠵᠢᠭᠦᠯᠭᠡ ᠪᠣᠯᠣᠨ ᠵᠠᠬ᠎ᠠ ᠳᠡᠯᠭᠡᠭᠦᠷ ᠤᠨ ᠢᠷᠡᠭᠡᠳᠦᠢ ᠶᠢᠨ ᠪᠠᠶᠢᠳᠠᠯ ᠢ ᠰᠣᠨᠣᠰᠪᠠ᠃ | ᠪᠠᠶᠢᠴᠠᠭᠠᠯᠲᠠ ᠶᠢᠨ ᠪᠦᠯᠬᠦᠮ ᠤᠨ ᠬᠢᠨ ᠮᠠᠨ ᠤ ᠰᠢᠶᠠᠨ ᠤ ᠠᠵᠣ ᠠᠬᠤᠢ ᠶᠢᠨ ᠪᠦᠲᠦᠭᠡᠨ | ᠪᠠᠶᠢᠭᠤᠯᠣᠯᠲᠠ ᠳᠠᠬᠢ ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠨᠣᠲᠠᠯᠠᠵᠣ᠂ ᠮᠠᠨ ᠤ ᠰᠢᠶᠠᠨ ᠢ ᠠᠵᠣ | ᠠᠬᠤᠢ ᠶᠢᠨ ᠬᠦᠭᠵᠢᠯᠲᠡ ᠶᠢᠨ ᠲᠠᠯ᠎ᠠ ᠪᠠᠷ ᠬᠤᠯᠠᠴᠢ ᠰᠡᠳᠬᠢᠮᠵᠢ ᠲᠠᠢ᠂ ᠠᠷᠭ᠎ᠠ ᠬᠡᠮᠵᠢᠶ᠎ᠡ ᠨᠢ ᠴᠦ ᠬᠦᠴᠦᠲᠡᠢ | ᠪᠠᠶᠢᠵᠣ᠂ ᠨᠡᠯᠢᠶᠡᠳ ᠰᠠᠶᠢᠨ ᠬᠦᠭᠵᠢᠯᠲᠡ ᠶᠢᠨ ᠬᠠᠨᠳᠣᠰᠢ ᠢᠯᠡᠷᠡᠵᠦ᠂ ᠰᠣᠷᠣᠯᠴᠠᠭᠤᠰᠢᠲᠠᠢ ᠮᠦᠷᠲᠡᠭᠡᠨ ᠠᠰᠢᠭᠯᠠᠵᠣ | ᠪᠣᠯᠣᠨ᠎ᠠ ᠭᠡᠵᠡᠢ᠃ |