2018 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠥᠪᠥᠷ ᠮᠣᠩᠭᠤᠯ ᠤᠨ ᠪᠥᠬᠡ ᠶᠢᠨ | ᠨᠡᠶᠢᠭᠡᠮᠯᠢᠭ᠂ ᠬᠥᠬᠡᠬᠤᠲᠠ ᠶᠢᠨ ᠬᠠᠶᠢᠷ᠎ᠠ ᠶᠢᠨ ᠠᠨᠵᠧᠯ ᠡᠴᠢᠭᠡ ᠡᠬᠡ ᠪᠣᠯᠣᠨ ᠬᠡᠦᠬᠡᠳ ᠤᠨ ᠠᠵᠢᠯᠯᠠᠭᠠᠨ ᠤ | ᠨᠡᠶᠢᠭᠡᠮᠯᠢᠭ ᠤᠨ ᠭᠤᠣᠯᠯᠠᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠬᠤᠲᠠ ᠶᠢᠨ ᠬᠡᠦᠬᠡᠳ | ᠪᠠᠭᠠᠴᠤᠳ ᠤᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠮᠣᠯ ᠬᠤᠲᠠ ᠠᠰᠠᠷ ᠲᠤ ᠳᠦᠭᠦᠷᠡᠩ | ᠠᠮᠵᠢᠯᠲᠠ ᠲᠠᠢ ᠥᠨᠳᠥᠷᠯᠡᠵᠡᠢ ᠃ ᠡᠨᠡ ᠤᠳᠠᠭᠠᠨ ᠤ ᠠᠵᠢᠯᠯᠠᠭᠠᠨ ᠳᠤ 100 ᠭᠠᠷᠤᠢ ᠬᠡᠦᠬᠡᠳ | ᠪᠠᠭᠠᠴᠤᠳ ᠣᠷᠣᠯᠴᠠᠭᠰᠠᠨ ᠪᠥᠭᠡᠳ ᠮᠣᠩᠭᠤᠯ ᠪᠥᠬᠡ᠂ ᠦᠨᠳᠦᠰᠦᠲᠡᠨ ᠤ ᠪᠥᠵᠢᠭ᠂ ᠲᠣᠭᠯᠠᠯᠲᠠ ᠵᠡᠷᠭᠡ | ᠠᠭᠤᠯᠭ᠎ᠠ ᠲᠠᠢ ᠶᠠᠪᠤᠭᠳᠠᠭᠰᠠᠨ ᠶᠤᠮ᠃ | ᠡᠨᠡ ᠤᠳᠠᠭᠠᠨ ᠤ ᠠᠵᠢᠯᠯᠠᠭ᠎ᠠ ᠨᠢ ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠡᠶᠢᠭᠡᠮ | ᠤᠨ ᠡᠯ᠎ᠡ ᠡᠲᠡᠭᠡᠳ ᠤᠨ ᠳᠡᠮᠵᠢᠯᠭᠡ ᠶᠢ ᠬᠦᠯᠢᠶᠡᠵᠦ ᠠᠪᠤᠭᠰᠠᠨ ᠶᠤᠮ᠃ ᠠᠵᠢᠯᠯᠠᠭᠠᠨ ᠤ ᠡᠷᠬᠢᠮ ᠵᠣᠷᠢᠯᠲᠠ ᠨᠢ | ᠦᠨᠳᠦᠰᠦᠲᠡᠨ ᠤ ᠰᠣᠶᠣᠯ ᠢᠶᠠᠨ ᠮᠠᠨᠳᠤᠭᠤᠯᠵᠤ᠂ ᠵᠥᠪ ᠣᠨᠣᠪᠴᠢᠲᠠᠢ ᠥᠷᠲᠡᠭ ᠤᠨ ᠦᠵᠡᠯᠲᠡ᠂ | ᠶᠢᠷᠲᠢᠨᠴᠦ ᠶᠢᠨ ᠦᠵᠡᠯᠲᠡ ᠶᠢ ᠪᠣᠢ ᠪᠣᠯᠭᠠᠨ᠂ ᠤᠯᠠᠮᠵᠢᠯᠠᠯᠲᠤ ᠰᠣᠶᠣᠯ ᠪᠣᠯᠣᠨ ᠤᠯᠠᠮᠵᠢᠯᠠᠯᠲᠤ ᠲᠠᠮᠢᠷ ᠤᠨ | ᠬᠥᠳᠡᠯᠭᠡᠭᠡᠨ ᠢ ᠤᠶᠠᠯᠳᠤᠭᠤᠯᠬᠤ ᠪᠠᠷ ᠳᠠᠮᠵᠢᠨ ᠂ ᠥᠪᠥᠷ ᠮᠣᠩᠭᠤᠯ ᠤᠨ ᠬᠤᠲᠠ ᠪᠠᠯᠭᠠᠰᠤᠨ ᠤ | ᠬᠡᠦᠬᠡᠳ ᠪᠠᠭᠠᠴᠤᠳ ᠲᠤ ᠥᠪᠡᠷ ᠤᠨ ᠠᠪᠢᠶᠠᠰ ᠢᠶᠠᠨ ᠢᠯᠡᠷᠡᠭᠦᠯᠵᠦ ᠂ ᠦᠨᠳᠦᠰᠦᠲᠡᠨ ᠤ ᠰᠣᠶᠣᠯ ᠢᠶᠠᠨ | ᠣᠶᠢᠯᠠᠭᠠᠬᠤ ᠲᠠᠪᠴᠠᠩ ᠬᠠᠩᠭᠠᠬᠤ ᠶᠢᠨ ᠳᠠᠭᠠᠤ ᠳᠤ ᠪᠦᠬᠦ ᠠᠷᠠᠳ ᠤᠨ ᠪᠡᠶ᠎ᠡ ᠮᠠᠬᠠᠪᠤᠳ ᠢᠶᠠᠨ | ᠪᠣᠯᠪᠠᠰᠤᠷᠠᠭᠤᠯᠬᠤ ᠳᠤ ᠰᠢᠨ᠎ᠡ ᠠᠭᠤᠯᠭ᠎ᠠ ᠨᠡᠮᠡᠷᠢᠯᠡᠬᠦ ᠶᠢᠨ ᠲᠥᠯᠥᠭᠡ ᠶᠤᠮ᠃ ᠬᠤᠶᠢᠰᠢᠳᠠ ᠬᠤᠲᠠ ᠶᠢᠨ | ᠬᠡᠦᠬᠡᠳ ᠤᠨ ᠨᠠᠭᠠᠳᠤᠮ ᠨᠢ ᠥᠪᠥᠷ ᠮᠣᠩᠭᠤᠯ ᠤᠨ ᠬᠤᠲᠠ ᠪᠠᠯᠭᠠᠰᠤᠨ ᠤ ᠣᠨᠴᠠᠯᠢᠭ ᠲᠠᠢ ᠰᠣᠶᠣᠯ ᠤᠨ | ᠠᠵᠢᠯᠯᠠᠭ᠎ᠠ ᠪᠣᠯᠬᠤ ᠪᠣᠯᠣᠯᠴᠠᠭ᠎ᠠ ᠲᠠᠢ ᠪᠠᠶᠢᠭ᠎ᠠ ᠶᠤᠮ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠶᠢᠰᠢᠳᠠ ᠶᠠᠪᠤᠭᠳᠠᠭᠤᠯᠬᠤ ᠬᠤᠲᠠ ᠶᠢᠨ ᠬᠡᠦᠬᠡᠳ | ᠤᠨ ᠨᠠᠭᠠᠳᠤᠮ ᠳᠤ ᠪᠠᠰᠠ ᠮᠣᠷᠢ ᠤᠷᠤᠯᠳᠤᠬᠤ᠂ ᠰᠤᠷ ᠬᠠᠷᠪᠤᠬᠤ ᠵᠡᠷᠭᠡ ᠡᠷ᠎ᠡ ᠶᠢᠨ ᠭᠤᠷᠪᠠᠨ ᠨᠠᠭᠠᠳᠤᠮ | ᠤᠨ ᠪᠤᠰᠤᠳ ᠲᠥᠷᠥᠯ ᠢ ᠨᠡᠮᠡᠵᠦ ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ | ᠃ | | | | | | | | |