ᠪᠠᠷᠢᠮᠲᠠᠲᠤ ᠺᠢᠨᠣ᠋ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ︾ ᠲᠤ ᠲᠠᠯᠪᠢᠵᠤ ᠪᠠᠶᠢᠭ᠎ᠠ ᠨᠤᠲᠤᠭ ᠤᠨ ᠬᠥᠮᠥᠰ ᠤᠨ ᠬᠦᠰᠡᠯ
ᠨᠡᠶᠢᠲᠡᠯᠡᠭᠰᠡᠨ ᠴᠠᠭ᠄
2018-09-13
      ᠰᠢᠨᠵᠢᠶᠠᠩ ᠤᠨ ᠪᠣᠷᠣᠲᠠᠯ᠎ᠠ ᠶᠢᠨ ᠮᠣᠩᠭᠤᠯ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠷᠠᠰᠢᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠮᠵᠢᠯᠭᠡ ᠲᠠᠢ ᠪᠠᠷ ᠪᠡᠭᠡᠵᠢᠩ ᠤᠨ ᠬᠤᠸᠠ ᠣᠣ ᠯᠠᠩ ᠢ ᠰᠣᠶᠣᠯ ᠤᠬᠠᠭᠤᠯᠭ᠎ᠠ ᠶᠢᠨ ᠺᠣᠮᠫᠠᠨᠢ ᠶᠢᠨ ᠰᠡᠭᠦᠳᠡᠷᠯᠡᠨ ᠦᠢᠯᠡᠳᠴᠦ ᠪᠠᠶᠢᠭ᠎ᠠ ᠪᠠᠷᠢᠮᠲᠠᠲᠤ ᠺᠢᠨᠣ᠋ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ︾ ᠲᠤ ᠰᠢᠨᠵᠢᠶᠠᠩ ᠤᠨ ᠮᠣᠩᠭᠤᠯᠴᠤᠳ ᠮᠠᠰᠢ ᠶᠡᠭᠡ ᠬᠦᠰᠡᠯ ᠡᠷᠡᠮᠡᠯᠵᠡᠯᠡᠯ ᠲᠠᠯᠪᠢᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠳᠡᠪᠰᠢᠭᠦᠯᠦᠭᠰᠡᠨ ᠪᠠᠶᠢᠨ᠎ᠠ᠃      ᠤᠷᠢᠳᠡᠪᠡᠷ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠢᠭᠰᠠᠨ ᠲᠥᠷᠥᠪᠠᠶᠠᠷ ᠤᠨ ᠪᠠᠷᠢᠮᠲᠠᠲᠤ ᠺᠢᠨᠣ᠋ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ︾ ᠤᠨ ᠲᠤᠬᠠᠢ ᠥᠯᠵᠡᠶᠢᠲᠡᠢ ᠰᠠᠶᠢᠬᠠᠨ ᠢᠷᠦᠭᠡᠯ ᠵᠥᠩᠨᠡᠯ ᠢ ᠲᠠ ᠪᠦᠬᠦᠨ ᠲᠠᠢ ᠬᠤᠪᠢᠶᠠᠯᠴᠠᠶ᠎ᠠ᠃      ᠲᠥᠷᠥᠪᠠᠶᠠᠷ ᠬᠡᠯᠡᠬᠦ ᠳᠡᠭᠡᠨ᠂ ︽ᠬᠢᠯᠢ ᠪᠠᠶᠢᠭᠰᠠᠨ ᠪᠣᠯᠪᠠᠴᠤ ᠬᠢᠯᠢ ᠶᠢ ᠰᠠᠬᠢᠵᠤ ᠬᠠᠮᠠᠭᠠᠯᠠᠬᠤ ᠡᠵᠡᠨ ᠦᠭᠡᠢ ᠪᠣᠯᠣᠭᠰᠠᠨ︾ ᠴᠢᠩ ᠤᠯᠤᠰ ᠤᠨ ᠲᠡᠭᠷᠢ ᠲᠡᠳᠬᠦᠭᠴᠢ ᠬᠠᠭᠠᠨ ᠤ ᠦᠶ᠎ᠡ ᠶᠢᠨ ᠲᠡᠦᠬᠡ ᠶᠢᠨ ᠪᠣᠳᠠᠲᠤ ᠪᠠᠶᠢᠳᠠᠯ ᠳᠤ ᠴᠠᠬᠠᠷᠴᠤᠳ ᠬᠠᠭᠠᠨ ᠤ ᠵᠠᠷᠯᠢᠭ᠂ ᠲᠥᠷᠥ ᠵᠠᠰᠠᠭ ᠤᠨ ᠲᠣᠮᠢᠯᠠᠯᠲᠠ ᠪᠠᠷ ᠬᠡᠳᠦᠨ ᠮᠢᠩᠭᠠᠨ ᠺᠢᠯᠣᠮᠧᠲᠷ ᠤᠨ ᠬᠤᠯᠠ ᠭᠠᠵᠠᠷ ᠠᠴᠠ ᠪᠣᠷᠣᠲᠠᠯ᠎ᠠ ᠳᠤ ᠢᠷᠠᠵᠤ ᠪᠠᠶᠢᠷᠢᠰᠢᠭᠠᠳ ᠡᠵᠡᠨ ᠦᠭᠡᠢ ᠪᠣᠯᠣᠭᠰᠠᠨ ᠬᠢᠯᠢ ᠳᠤ ᠡᠵᠡᠨ ᠪᠣᠯᠵᠤ᠂ ᠡᠬᠡ ᠤᠯᠤᠰ ᠤᠨ ᠢᠶᠠᠨ ᠬᠢᠯᠢ ᠶᠢ ᠬᠠᠮᠠᠭᠠᠯᠠᠵᠤ᠂ ᠬᠢᠵᠠᠭᠠᠷ ᠣᠷᠣᠨ ᠢ ᠪᠦᠲᠦᠭᠡᠨ ᠪᠠᠶᠢᠭᠤᠯᠤᠨ ᠬᠥᠭᠵᠢᠭᠦᠯᠵᠦ᠂ ᠲᠠᠶᠢᠪᠦᠩ ᠲᠣᠭᠲᠠᠭᠤᠨ ᠪᠣᠯᠭᠠᠬᠤ ᠳᠤ ᠦᠯᠡᠮᠵᠢ ᠭᠠᠪᠢᠶ᠎ᠠ ᠪᠠᠶᠢᠭᠤᠯᠤᠭᠰᠠᠨ ᠶᠤᠮ᠃ ᠡᠶᠢᠮᠦ ᠠᠴᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠠᠮ ᠵᠠᠰᠠᠭ ᠠᠴᠠ ᠰᠢᠨᠵᠢᠶᠠᠩ ᠤᠨ ᠴᠠᠬᠠᠷᠴᠤᠳ ᠤᠨ ᠡᠨᠡ ᠲᠡᠦᠬᠡᠲᠦ ᠭᠠᠪᠢᠶ᠎ᠠ ᠵᠢᠳᠬᠦᠯ ᠢ ᠭᠦᠢᠴᠡᠳ ᠨᠤᠲᠠᠯᠠᠵᠤ᠂ 1954 ᠣᠨ ᠳᠤ ᠷᠠᠰᠢᠶᠠᠨ᠂ ᠪᠣᠷᠣᠲᠠᠯ᠎ᠠ᠂ ᠵᠢᠩ ᠭᠤᠷᠪᠠᠨ ᠰᠢᠶᠠᠨ ᠢᠶᠠᠷ ᠪᠦᠷᠢᠯᠳᠦᠭᠰᠡᠨ ᠪᠣᠷᠣᠲᠠᠯ᠎ᠠ ᠶᠢᠨ ᠮᠣᠩᠭᠤᠯ ᠥᠪᠡᠷᠲᠡᠭᠡᠨ ᠵᠠᠰᠠᠬᠤ ᠵᠧᠦ ᠶᠢ ᠪᠠᠶᠢᠭᠤᠯᠤᠭᠰᠠᠨ ᠪᠢᠯᠡ᠃ ᠬᠡᠳᠦᠨ ᠵᠢᠯ ᠤᠨ ᠡᠮᠦᠨ᠎ᠡ ᠪᠣᠷᠣᠲᠠᠯ᠎ᠠ ᠶᠢᠨ ᠴᠠᠬᠠᠷᠴᠤᠳ ᠤᠨ ᠪᠠᠷᠠᠭᠤᠨᠰᠢ ᠨᠡᠭᠦᠳᠡᠯᠯᠡᠨ ᠰᠢᠯᠵᠢᠵᠦ ᠢᠷᠡᠭᠡᠳ ᠬᠢᠯᠢ ᠬᠠᠮᠠᠭᠠᠯᠠᠵᠤ᠂ ᠬᠢᠵᠠᠭᠠᠷ ᠣᠷᠣᠨ ᠢᠶᠠᠨ ᠪᠦᠲᠦᠭᠡᠨ ᠪᠠᠶᠢᠭᠤᠯᠵᠤ ᠬᠥᠭᠵᠢᠭᠦᠯᠦᠭᠡᠳ ᠪᠣᠷᠣᠲᠠᠯ᠎ᠠ ᠶᠢ ᠬᠥᠭᠵᠢᠯ ᠴᠡᠴᠡᠭᠯᠡᠯ ᠲᠠᠢ ᠲᠠᠶᠢᠪᠦᠩ ᠲᠣᠭᠲᠠᠭᠤᠨ ᠣᠷᠣᠨ ᠪᠣᠯᠭᠠᠭᠰᠠᠨ 250 ᠵᠢᠯ ᠤᠨ ᠣᠢ ᠶᠢ ᠦᠪᠡᠳᠡᠭᠰᠢ ᠶᠡᠬᠡᠪᠡᠷ ᠪᠡᠯᠭᠡᠯᠡᠵᠦ᠂ ᠲᠡᠳᠡᠨ ᠤ ᠲᠡᠦᠬᠡᠲᠦ ᠭᠠᠪᠢᠶ᠎ᠠ ᠵᠢᠳᠬᠦᠯ ᠢ ᠦᠨᠡᠯᠡᠨ ᠨᠤᠲᠠᠯᠠᠵᠤ᠂ ᠠᠷᠠᠳ ᠣᠯᠠᠨ ᠢ ᠪᠠᠶᠠᠰᠬᠠᠭᠰᠠᠨ ᠶᠤᠮ᠃ ᠲᠠ ᠪᠦᠬᠦᠨ ᠤ ᠪᠡᠭᠡᠵᠢᠩ ᠠᠴᠠ ᠭᠠᠷᠴᠤ᠂ ᠪᠠᠷᠠᠭᠤᠨᠰᠢ ᠨᠡᠭᠦᠳᠡᠯᠯᠡᠨ ᠰᠢᠯᠵᠢᠵᠦ ᠬᠢᠯᠢ ᠬᠠᠮᠠᠭᠠᠯᠠᠭᠰᠠᠨ ᠴᠠᠬᠠᠷᠴᠤᠳ ᠤᠨ ᠲᠡᠦᠬᠡ ᠶᠢᠨ ᠤᠯᠠ ᠮᠥᠷ ᠢᠶᠠᠷ ᠮᠥᠷᠳᠡᠵᠦ ᠪᠠᠷᠢᠮᠲᠠᠲᠤ ᠺᠢᠨᠣ᠋ ᠰᠡᠭᠦᠳᠡᠷᠯᠡᠬᠦ ᠲᠡᠦᠬᠡᠲᠦ ᠠᠵᠢᠯᠯᠠᠭ᠎ᠠ ᠪᠠᠨ ᠥᠪᠥᠷ ᠮᠣᠩᠭᠤᠯ ᠠᠴᠠ ᠡᠬᠢᠯᠡᠭᠦᠯᠦᠨ ᠮᠣᠩᠭᠤᠯ ᠤᠯᠤᠰ ᠤᠨ ᠨᠤᠲᠤᠭ ᠢᠶᠠᠷ ᠳᠠᠮᠵᠢᠨ ᠰᠢᠨᠵᠢᠶᠠᠩ ᠳᠤ ᠠᠮᠵᠢᠯᠲᠠ ᠲᠠᠢ ᠬᠦᠷᠴᠦ ᠢᠷᠡᠭᠰᠡᠨ ᠳᠤ ᠪᠠᠶᠠᠷᠯᠠᠵᠤ ᠪᠠᠶᠢᠨ᠎ᠠ᠃ ᠲᠠ ᠪᠦᠬᠦᠨ ᠤ ᠰᠡᠭᠦᠳᠡᠷᠯᠡᠨ ᠪᠦᠲᠦᠭᠡᠵᠦ ᠪᠠᠶᠢᠭ᠎ᠠ ᠪᠠᠷᠢᠮᠲᠠᠲᠤ ᠺᠢᠨᠣ᠋ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ︾ ᠤᠨ ᠥᠨᠳᠥᠷ ᠠᠮᠵᠢᠯᠲᠠ ᠳᠤ ᠬᠦᠷᠬᠦ ᠶᠢ ᠢᠷᠦᠭᠡᠵᠦ ᠪᠠᠶᠢᠨ᠎ᠠ ᠭᠡᠯ᠎ᠡ᠃      ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶᠢᠭᠰᠠᠨ ᠰᠧᠷᠵᠡᠢ ᠭᠤᠸᠠᠢ ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ ᠪᠣᠯ ᠵᠡᠭᠦᠨᠰᠢ ᠪᠤᠴᠠᠭᠰᠠᠨ ᠮᠣᠩᠭᠤᠯᠴᠤᠳ ᠲᠠᠢ ᠠᠳᠠᠯᠢᠬᠠᠨ ᠡᠬᠡ ᠣᠷᠣᠨᠴᠢ ᠡᠷᠡᠯᠬᠡᠭ ᠪᠠᠭᠠᠲᠤᠷᠯᠢᠭ ᠮᠣᠩᠭᠤᠯᠴᠤᠳ ᠪᠣᠯᠣᠨ᠎ᠠ ᠭᠡᠵᠤ ᠦᠵᠡᠭᠰᠡᠨ ᠪᠠᠶᠢᠨ᠎ᠠ᠃      ᠲᠡᠷᠡ ᠬᠡᠯᠡᠬᠦ ᠳᠡᠭᠡᠨ᠂ ᠡᠬᠡ ᠣᠷᠣᠨ ᠤ ᠪᠠᠨ ᠪᠠᠷᠠᠭᠤᠨ ᠬᠤᠶᠢᠲᠤ ᠬᠢᠯᠢ ᠶᠢ ᠪᠠᠲᠤᠯᠠᠨ ᠬᠠᠮᠠᠭᠠᠯᠠᠬᠤ ᠶᠢᠨ ᠲᠥᠯᠥᠭᠡ ᠥᠪᠥᠷ ᠮᠣᠩᠭᠤᠯ ᠠᠴᠠ ᠤᠷᠢᠳ ᠬᠤᠵᠢᠳ ᠭᠤᠷᠪᠠᠨ ᠤᠳᠠᠭ᠎ᠠ ᠲᠦᠮᠡᠨ ᠭᠠᠵᠠᠷ ᠤᠨ ᠬᠤᠯᠠ ᠵᠠᠮ ᠤᠨ ᠠᠶᠠᠨ ᠬᠢᠵᠦ᠂ ᠡᠬᠡ ᠨᠤᠲᠤᠭ ᠡᠯᠢᠭᠡᠨ ᠰᠠᠳᠤᠨ ᠠᠴᠠ ᠪᠠᠨ ᠰᠠᠯᠵᠤ᠂ ᠦᠢ ᠲᠦᠮᠡᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠰᠢᠨᠵᠢᠶᠠᠩ ᠤᠨ ᠢᠯᠢ ᠪᠣᠷᠣᠲᠠᠯ᠎ᠠ ᠳᠤ ᠢᠷᠠᠵᠤ ᠨᠤᠲᠤᠭᠯᠠᠭᠠᠳ ᠬᠡᠳᠦᠨ ᠵᠠᠭᠤᠨ ᠵᠢᠯ ᠤᠨ ᠲᠤᠷᠰᠢ ᠬᠠᠯᠠᠭᠤᠨ ᠠᠮᠢ ᠪᠠᠷ ᠢᠶᠠᠨ ᠡᠬᠡ ᠤᠯᠤᠰ ᠤᠨ ᠢᠶᠠᠨ ᠬᠢᠯᠢ ᠶᠢ ᠰᠠᠬᠢᠨ ᠬᠠᠮᠠᠭᠠᠯᠠᠵᠤ ᠬᠢᠵᠠᠭᠠᠷ ᠣᠷᠣᠨ ᠢ ᠪᠦᠲᠦᠭᠡᠨ ᠪᠠᠶᠢᠭᠤᠯᠤᠭᠰᠠᠨ ᠴᠠᠬᠠᠷᠴᠤᠳ ᠪᠣᠯ ᠮᠠᠨ ᠤ ᠤᠯᠤᠰ ᠤᠨ ᠲᠡᠦᠬᠡᠨ ᠳᠡᠭᠡᠷ᠎ᠡ ᠴᠢᠨᠠᠭᠰᠢᠯᠠᠨ ᠳᠡᠯᠡᠬᠡᠢ ᠶᠢᠨ ᠲᠡᠦᠬᠡᠨ ᠳᠡᠭᠡᠷ᠎ᠡ ᠠᠭᠤᠤ ᠶᠡᠭᠡ ᠭᠠᠪᠢᠶ᠎ᠠ ᠵᠢᠳᠬᠦᠯ ᠲᠠᠢ ᠮᠣᠩᠭᠤᠯᠴᠤᠳ ᠪᠣᠯᠣᠨ᠎ᠠ᠃ ᠶᠡᠷᠦ ᠨᠢ ᠪᠠᠷᠠᠭᠤᠨᠰᠢ ᠰᠢᠯᠵᠢᠭᠰᠡᠨ ᠡᠬᠡ ᠣᠷᠣᠨᠴᠢ ᠴᠠᠬᠠᠷᠴᠤᠳ ᠪᠣᠯᠣᠨ ᠵᠡᠭᠦᠨᠰᠢ ᠪᠤᠴᠠᠭᠰᠠᠨ ᠡᠬᠡ ᠣᠷᠣᠨᠴᠢ ᠮᠣᠩᠭᠤᠯᠴᠤᠳ ᠢ ᠪᠠᠭᠲᠠᠭᠠᠭᠰᠠᠨ ᠰᠢᠨᠵᠢᠶᠠᠩ ᠤᠨ ᠠᠷᠪᠠᠨ ᠨᠠᠢᠮᠠᠨ ᠲᠦᠮᠡ ᠳᠣᠯᠣᠭᠠᠨ ᠮᠢᠩᠭ᠎ᠠ ᠭᠠᠷᠤᠢ ᠮᠣᠩᠭᠤᠯᠴᠤᠳ ᠪᠣᠯ ᠳᠤᠮᠳᠠᠳᠤ ᠤᠯᠤᠰ ᠤᠨ ᠲᠡᠦᠬᠡᠨ ᠳᠤ ᠠᠰᠤᠷᠤ ᠶᠡᠭᠡ ᠭᠠᠪᠢᠶ᠎ᠠ ᠵᠢᠳᠬᠦᠯ ᠲᠠᠢ ᠬᠥᠮᠥᠰ ᠪᠣᠯᠣᠨ᠎ᠠ᠃ ᠡᠭᠦᠨ ᠳᠤ 256 ᠵᠢᠯ ᠤᠨ ᠲᠤᠷᠰᠢ ᠡᠬᠡ ᠤᠯᠤᠰ ᠤᠨ ᠢᠶᠠᠨ ᠪᠠᠷᠠᠭᠤᠨ ᠬᠤᠶᠢᠲᠤ ᠬᠢᠯᠢ ᠶᠢ ᠪᠠᠲᠤᠯᠠᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠨᠢᠭᠲᠠᠷᠠᠨ ᠪᠦᠯᠬᠦᠮᠳᠡᠵᠦ᠂ ᠮᠥᠷᠥ ᠵᠡᠷᠭᠡᠴᠡᠨ ᠤᠷᠤᠭᠰᠢᠯᠠᠵᠤ᠂ ᠬᠢᠵᠠᠭᠠᠷ ᠣᠷᠣᠨ ᠢᠶᠠᠨ ᠪᠦᠲᠦᠭᠡᠨ ᠪᠠᠶᠢᠭᠤᠯᠵᠤ ᠬᠥᠭᠵᠢᠭᠦᠯᠦᠭᠰᠡᠨ ᠰᠢᠨᠵᠢᠶᠠᠩ ᠤᠨ ᠴᠠᠬᠠᠷᠴᠤᠳ ᠤᠨ ᠦᠢᠯᠡ ᠠᠵᠢᠯᠯᠠᠭ᠎ᠠ ᠨᠢ ᠲᠡᠦᠬᠡᠲᠦ ᠠᠴᠢ ᠬᠤᠯᠪᠣᠭᠳᠠᠯ ᠲᠠᠢ ᠮᠥᠷᠲᠡᠭᠡᠨ ᠡᠬᠡ ᠣᠷᠣᠨᠴᠢ ᠦᠵᠡᠯ ᠪᠣᠯᠣᠨ ᠦᠨᠳᠦᠰᠦᠲᠡᠨ ᠤ ᠪᠦᠯᠬᠦᠮᠳᠡᠯ ᠢ ᠲᠣᠪᠣᠶᠢᠯᠭᠠᠬᠤ ᠪᠣᠳᠠᠲᠤ ᠠᠴᠢ ᠬᠤᠯᠪᠣᠭᠳᠠᠯ ᠲᠠᠢ ᠶᠤᠮ᠃ ᠲᠡᠳᠡᠨ ᠤ ᠡᠬᠡ ᠤᠯᠤᠰ ᠢᠶᠠᠨ ᠬᠠᠮᠠᠭᠠᠯᠠᠭᠰᠠᠨ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠭᠰᠠᠨ᠂ ᠡᠬᠡ ᠤᠯᠤᠰ ᠤᠨ ᠢᠶᠠᠨ ᠨᠢᠭᠡᠳᠦᠯ ᠬᠥᠭᠵᠢᠯᠲᠡ ᠶᠢ ᠬᠠᠮᠠᠭᠠᠯᠠᠭᠰᠠᠨ ᠲᠡᠦᠬᠡᠲᠦ ᠬᠡᠷᠡᠭ ᠶᠠᠪᠤᠳᠠᠯ ᠤᠳ ᠢ ᠪᠠᠷᠢᠮᠲᠠᠲᠤ ᠺᠢᠨᠣ᠋ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ︾ ᠢ ᠰᠡᠭᠦᠳᠡᠷᠯᠡᠨ ᠦᠢᠯᠡᠳᠬᠦ ᠶᠠᠪᠤᠴᠠ ᠳᠤ ᠲᠣᠪᠣᠶᠢᠯᠭᠠᠨ ᠲᠤᠰᠬᠠᠬᠤ ᠶᠢ ᠬᠦᠰᠡᠵᠦ ᠪᠠᠶᠢᠨ᠎ᠠ ᠭᠡᠵᠡᠢ᠃ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠪᠠᠶᠢᠭᠰᠠᠨ ᠴᠥᠯᠲᠥᠮ ᠰᠢᠨᠵᠢᠶᠠᠩ ᠤᠨ ᠴᠠᠬᠠᠷ ᠤᠨ ᠦᠷ᠎ᠡ ᠬᠤᠶᠢᠴᠢᠰ ᠪᠥᠭᠡᠳ ︽ᠰᠢᠨᠵᠢᠶᠠᠩ ᠤᠨ ᠴᠠᠬᠠᠷ ᠤᠨ ᠲᠡᠦᠬᠡ︾ ᠭᠡᠰᠡᠨ ᠨᠣᠮ ᠢ ᠲᠤᠭᠤᠷᠪᠢᠵᠤ ᠬᠡᠪᠯᠡᠭᠦᠯᠦᠭᠰᠡᠨ ᠬᠥᠮᠥᠨ ᠤ ᠬᠤᠪᠢ ᠳᠤ ᠪᠠᠷᠢᠮᠲᠠᠲᠤ ᠺᠢᠨᠣ᠋ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠭᠰᠠᠨ ᠴᠠᠬᠠᠷᠴᠤᠳ︾ ᠢ ᠵᠢᠷᠤᠭᠯᠠᠨ ᠰᠡᠭᠦᠳᠡᠷᠯᠡᠬᠦ ᠠᠵᠢᠯ ᠢ ᠨᠢᠭᠲᠠ ᠠᠩᠬᠠᠷᠴᠤ᠂ ᠲᠠᠪᠤᠨ ᠵᠦᠢᠯ ᠤᠨ ᠦᠨᠡᠲᠦ ᠰᠠᠨᠠᠯ ᠰᠠᠨᠠᠭᠤᠯᠭ᠎ᠠ ᠳᠡᠪᠰᠢᠭᠦᠯᠦᠭᠰᠡᠨ ᠶᠤᠮ᠃      ᠴᠥᠯᠲᠥᠮ ᠨᠠᠰᠤᠲᠠᠨ ᠬᠡᠯᠡᠬᠦ ᠳᠡᠭᠡᠨ᠂ ᠨᠢᠭᠡ ᠳᠤ᠂ ᠭᠡᠷ ᠪᠦᠯᠢ ᠪᠠᠷ ᠢᠶᠠᠨ ᠡᠬᠡ ᠨᠤᠲᠤᠭ ᠡᠯᠢᠭᠡᠨ ᠰᠠᠳᠤᠨ ᠠᠴᠠ ᠪᠠᠨ ᠡᠭᠦᠷᠢᠳᠡ ᠰᠠᠯᠵᠤ ᠪᠠᠷᠠᠭᠤᠨᠰᠢ ᠨᠡᠭᠦᠳᠡᠯᠯᠡᠨ ᠰᠢᠯᠵᠢᠭᠰᠡᠨ ᠴᠠᠬᠠᠷ ᠴᠡᠷᠢᠭ ᠠᠷᠠᠳ ᠤᠨ ᠦᠢᠯᠡ ᠶᠠᠪᠤᠳᠠᠯ ᠪᠣᠯ ᠴᠡᠷᠢᠭ ᠰᠣᠯᠢᠬᠤ ᠪᠤᠶᠤ ᠴᠡᠷᠢᠭ ᠠᠴᠠ ᠬᠠᠯᠠᠭᠳᠠᠬᠤ ᠳᠦᠷᠢᠮ ᠭᠤᠷᠢᠮ ᠳᠤ ᠬᠠᠷᠢᠶᠠᠯᠠᠭᠳᠠᠬᠤ ᠦᠭᠡᠢ ᠵᠠᠷᠯᠢᠭ ᠢᠶᠠᠷ ᠲᠣᠮᠢᠯᠠᠭᠳᠠᠵᠤ ᠪᠠᠷᠠᠭᠤᠨ ᠬᠤᠶᠢᠲᠤ ᠬᠢᠯᠢ ᠶᠢ ᠮᠥᠩᠬᠡᠳᠡ ᠰᠠᠬᠢᠨ ᠬᠠᠮᠠᠭᠠᠯᠠᠭᠰᠠᠨ ᠡᠬᠡ ᠣᠷᠣᠨᠴᠢ ᠲᠡᠦᠬᠡᠲᠦ ᠶᠠᠪᠤᠳᠠᠯ ᠮᠥᠨ᠃      ᠬᠤᠶᠠᠷ ᠲᠤ᠂ ᠪᠠᠷᠠᠭᠤᠨᠰᠢ ᠨᠡᠭᠦᠳᠡᠯᠯᠡᠨ ᠰᠢᠯᠵᠢᠵᠦ ᠢᠷᠡᠭᠰᠡᠨ ᠴᠠᠬᠠᠷ ᠴᠡᠷᠢᠭ ᠠᠷᠠᠳ ᠲᠤᠬᠠᠢ ᠶᠢᠨ ᠦᠶ᠎ᠡ ᠶᠢᠨ ᠲᠡᠦᠬᠡ ᠶᠢᠨ ᠣᠨᠴᠠᠭᠠᠢ ᠪᠠᠶᠢᠳᠠᠯ ᠳᠤ ᠬᠤᠭᠤᠰᠤᠷᠠᠵᠤ ᠡᠵᠡᠭᠦᠶᠢᠷᠡᠭᠰᠡᠨ ᠪᠠᠷᠠᠭᠤᠨ ᠬᠤᠶᠢᠲᠤ ᠬᠢᠯᠢ ᠶᠢ ᠨᠠᠰᠤ ᠪᠠᠷ ᠢᠶᠠᠨ ᠰᠠᠬᠢᠵᠤ ᠬᠠᠮᠠᠭᠠᠯᠠᠭᠰᠠᠨ ᠢᠶᠠᠷ ᠪᠠᠷᠠᠬᠤ ᠦᠭᠡᠢ᠂ ᠬᠡᠳᠦᠨ ᠵᠠᠭᠤᠨ ᠵᠢᠯ ᠤᠨ ᠲᠤᠷᠰᠢ ᠦᠷ᠎ᠡ ᠶᠢᠨ ᠦᠷ᠎ᠡ ᠳᠡᠭᠡᠨ ᠴᠡᠷᠢᠭ ᠤᠨ ᠠᠯᠪᠠ ᠬᠠᠭᠠᠵᠤ ᠬᠠᠯᠠᠭᠤᠨ ᠠᠮᠢ ᠪᠦᠯᠢᠶᠡᠨ ᠴᠢᠰᠤ ᠪᠠᠷ ᠢᠶᠠᠨ ᠬᠢᠯᠢ ᠬᠠᠮᠠᠭᠠᠯᠠᠭᠰᠠᠨ ᠳᠡᠯᠡᠬᠡᠢ ᠳᠤ ᠬᠤᠪᠣᠷᠬᠠᠨ ᠠᠤᠭ᠎ᠠ ᠶᠡᠭᠡ ᠪᠠᠭᠠᠲᠤᠷᠯᠢᠭ ᠦᠢᠯᠡᠰ ᠢ ᠪᠡᠶᠡᠯᠡᠭᠦᠯᠦᠭᠰᠡᠨ ᠶᠤᠮ᠃ ᠲᠤᠬᠠᠶᠢᠯᠠᠪᠠᠯ᠂ ᠴᠠᠬᠠᠷ ᠴᠡᠷᠢᠭ ᠠᠷᠠᠳ ᠠᠩᠬ᠎ᠠ ᠰᠢᠨᠵᠢᠶᠠᠩ ᠳᠤ ᠢᠷᠡᠬᠦ ᠦᠶ᠎ᠡ ᠳᠡᠭᠡᠨ ᠳᠥᠷᠪᠡᠨ ᠮᠢᠩᠭ᠎ᠠ ᠨᠠᠢᠮᠠᠨ ᠵᠠᠭᠤ ᠭᠠᠷᠤᠢ ᠬᠥᠮᠥᠨ ᠲᠠᠢ ᠪᠠᠶᠢᠭᠰᠠᠨ ᠠᠴᠠ ᠪᠠᠨ ᠬᠡᠳᠦᠨ ᠵᠠᠭᠤᠨ ᠵᠢᠯ ᠤᠨ ᠲᠤᠷᠰᠢ ᠬᠢᠯᠢ ᠶᠢᠨ ᠬᠠᠮᠠᠭᠠᠯᠠᠯᠲᠠ ᠶᠢᠨ ᠳᠠᠶᠢᠨ ᠪᠠᠶᠢᠯᠳᠤᠭᠠᠨ ᠳᠤᠮᠳᠠ ᠡᠷᠡᠰᠳᠡᠵᠦ ᠦᠷᠡᠭᠳᠡᠭᠰᠡᠭᠡᠷ ᠪᠠᠶᠢᠵᠤ 1954 ᠳᠤ ᠪᠣᠷᠣᠲᠠᠯ᠎ᠠ ᠶᠢᠨ ᠮᠣᠩᠭᠤᠯ ᠥᠪᠡᠷᠲᠡᠭᠡᠨ ᠵᠠᠰᠠᠬᠤ ᠵᠧᠦ ᠶᠢ ᠪᠠᠶᠢᠭᠤᠯᠬᠤ ᠦᠶ᠎ᠡ ᠳᠤ ᠬᠥᠮᠥᠨ ᠠᠮᠠ ᠨᠢ ᠨᠡᠮᠡᠭᠳᠡᠭᠰᠡᠨ ᠦᠭᠡᠢ ᠬᠠᠷᠢᠨ ᠬᠠᠰᠤᠭᠳᠠᠭᠠᠳ ᠳᠥᠷᠪᠡᠨ ᠮᠢᠩᠭᠠᠨ ᠬᠥᠮᠥᠨ ᠯᠡ ᠦᠯᠡᠳᠡᠵᠡᠢ᠃ ᠡᠶᠢᠮᠦ ᠠᠴᠠ ᠲᠤᠰ ᠪᠠᠷᠢᠮᠲᠠᠲᠤ ᠺᠢᠨᠣ᠋ ᠳᠤ ᠴᠠᠬᠠᠷ ᠴᠡᠷᠢᠭ ᠠᠷᠠᠳ ᠤᠨ ᠪᠠᠷᠠᠭᠤᠨᠰᠢ ᠨᠡᠭᠦᠳᠡᠯᠯᠡᠨ ᠰᠢᠯᠵᠢᠵᠦ ᠰᠢᠨᠵᠢᠶᠠᠩ ᠳᠤ ᠬᠦᠷᠦᠭᠰᠡᠨ ᠤ ᠳᠠᠷᠠᠭ᠎ᠠ ᠶᠠᠭᠤ ᠬᠢᠭᠰᠡᠨ ᠢ ᠴᠢᠬᠤᠯᠠ ᠠᠭᠤᠯᠭ᠎ᠠ ᠪᠣᠯᠭᠠᠨ ᠬᠠᠷᠠᠭᠤᠯᠵᠤ ᠢᠯᠡᠷᠡᠭᠦᠯᠬᠦ ᠬᠡᠷᠡᠭᠲᠡᠢ᠃      ᠭᠤᠷᠪᠠ ᠳᠤ᠂ ᠥᠩᠭᠡᠷᠡᠭᠰᠡᠨ ᠤ ᠣᠯᠠᠨ ᠲᠡᠦᠬᠡᠨ ᠪᠢᠴᠢᠭ ᠮᠠᠲ᠋ᠧᠷᠢᠶᠠᠯ ᠳᠤ ᠪᠠᠷᠠᠭᠤᠨᠰᠢ ᠨᠡᠭᠦᠳᠡᠯᠯᠡᠨ ᠰᠢᠯᠵᠢᠭᠰᠡᠨ ᠴᠠᠬᠠᠷ ᠴᠡᠷᠢᠭ ᠠᠷᠠᠳ ᠢ ︽ᠪᠠᠷᠠᠭᠤᠨᠰᠢ ᠨᠡᠭᠦᠳᠡᠯᠯᠡᠵᠦ ᠬᠢᠯᠢ ᠬᠠᠮᠠᠭᠠᠯᠠᠵᠤ ᠠᠲᠠᠷ ᠬᠠᠭᠠᠯᠪᠤᠷᠢᠯᠠᠭᠰᠠᠨ ᠬᠥᠮᠥᠰ︾ ᠭᠡᠵᠤ ᠲᠥᠬᠦᠮᠬᠡᠨ ᠲᠡᠮᠳᠡᠭᠯᠡᠵᠦ ᠪᠠᠶᠢᠭᠰᠠᠨ ᠪᠥᠭᠡᠳ ᠵᠠᠷᠢᠮ ᠬᠥᠮᠥᠰ ᠲᠡᠳᠡᠨ ᠢ ᠣᠳᠣ ᠶᠢᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠩᠭᠢ ᠲᠠᠢ ᠠᠳᠡᠭᠦᠷᠡᠵᠦ ︽ᠠᠲᠠᠷ ᠬᠠᠭᠠᠯᠪᠤᠷᠢᠯᠠᠬᠤ ᠪᠠᠷ ᠢᠷᠡᠭᠰᠡᠨ ᠬᠥᠮᠥᠰ︾ ᠭᠡᠵᠤ ᠦᠵᠡᠳᠡᠭ᠃ ᠡᠨᠡ ᠪᠣᠯ ᠮᠠᠰᠢ ᠪᠤᠷᠤᠭᠤ ᠦᠵᠡᠯᠲᠡ ᠶᠤᠮ᠂ ᠲᠡᠳᠡ ᠪᠣᠯ ᠠᠲᠠᠷ ᠬᠠᠭᠠᠯᠪᠤᠷᠢᠯᠠᠭᠴᠢᠳ ᠪᠢᠰᠢ᠂ ᠬᠠᠷᠢᠨ ᠲᠥᠷᠥ ᠭᠦᠷᠦᠨ ᠤ ᠵᠠᠷᠯᠢᠭ ᠲᠣᠮᠢᠯᠠᠯᠲᠠ ᠪᠠᠷ ᠭᠡᠷ ᠪᠦᠯᠢ ᠪᠠᠷ ᠢᠶᠠᠨ ᠢᠷᠡᠭᠰᠡᠨ ︽ᠡᠷᠦᠬᠡ ᠴᠡᠷᠢᠭ︾ ᠪᠤᠶᠤ ᠬᠢᠯᠢ ᠬᠠᠮᠠᠭᠠᠯᠠᠬᠤ ᠠᠯᠪᠠᠨ ᠤ ᠴᠡᠷᠢᠭ ᠤᠳ ᠪᠣᠯᠣᠨ᠎ᠠ᠂ ᠲᠡᠳᠡᠨ ᠤ ᠲᠤᠯᠭᠤᠷ ᠵᠣᠷᠢᠯᠲᠠ ᠪᠣᠯ ᠬᠢᠯᠢ ᠬᠠᠮᠠᠭᠠᠯᠠᠬᠤ ᠶᠢᠨ ᠲᠥᠯᠥᠭᠡ ᠶᠤᠮ᠃ ᠬᠡᠯᠡᠯᠭᠡᠨ ᠦᠭᠡᠢ ᠴᠠᠬᠠᠷ ᠴᠡᠷᠢᠭ ᠠᠷᠠᠳ ᠰᠢᠨᠵᠢᠶᠠᠩ ᠳᠤ ᠢᠷᠡᠭᠰᠡᠨ ᠤ ᠳᠠᠷᠠᠭ᠎ᠠ ᠬᠠᠯᠠᠭᠤᠨ ᠠᠮᠢ ᠪᠦᠯᠢᠶᠡᠨ ᠴᠢᠰᠤ ᠪᠠᠷ ᠢᠶᠠᠨ ᠬᠢᠯᠢ ᠬᠢᠵᠠᠭᠠᠷ ᠢᠶᠠᠨ ᠪᠠᠲᠤ ᠰᠠᠬᠢᠨ ᠬᠠᠮᠠᠭᠠᠯᠠᠭᠰᠠᠨ ᠤ ᠬᠠᠮᠲᠤ ᠲᠤᠬᠠᠢ ᠶᠢᠨ ᠦᠶ᠎ᠡ ᠶᠢᠨ ᠲᠥᠷᠥ ᠭᠦᠷᠦᠨ ᠤ ᠳᠠᠷᠤᠭᠠᠰᠤ ᠶᠢ ᠬᠥᠩᠭᠡᠯᠡᠵᠦ᠂ ᠠᠵᠤ ᠠᠮᠢᠳᠤᠷᠠᠯ ᠢᠶᠠᠨ ᠥᠪᠡᠷᠲᠡᠭᠡᠨ ᠠᠷᠭᠠᠴᠠᠭᠠᠵᠤ᠂ ᠮᠠᠯ ᠠᠵᠤ ᠠᠬᠤᠢ ᠡᠷᠬᠢᠯᠡᠵᠦ ᠪᠠᠶᠢᠭᠰᠠᠨ ᠪᠥᠭᠡᠳ ᠰᠡᠭᠦᠯᠡᠷ ᠨᠢ ᠪᠠᠰᠠ ᠰᠤᠪᠠᠭ ᠮᠠᠯᠲᠠᠵᠤ ᠲᠠᠷᠢᠶ᠎ᠠ ᠪᠤᠭᠤᠳᠠᠢ ᠲᠠᠷᠢᠵᠤ ᠠᠮᠤ ᠬᠦᠨᠡᠰᠦ ᠪᠠᠨ ᠥᠪᠡᠷᠲᠡᠭᠡᠨ ᠬᠠᠩᠭᠠᠬᠤ ᠪᠣᠯᠣᠭᠰᠠᠨ ᠶᠤᠮ᠃      ᠳᠥᠷᠪᠡ ᠳᠤ᠂ ᠪᠠᠷᠢᠮᠲᠠᠲᠤ ᠺᠢᠨᠣ᠋ ᠳᠤ ᠪᠠᠷᠠᠭᠤᠨᠰᠢ ᠨᠡᠭᠦᠳᠡᠯᠯᠡᠨ ᠰᠢᠯᠵᠢᠭᠰᠡᠨ ᠶᠠᠪᠤᠴᠠ ᠳᠠᠬᠢ ᠴᠠᠬᠠᠷ ᠴᠡᠷᠢᠭ ᠠᠷᠠᠳ ᠤᠨ ᠠᠰᠤᠷᠤ ᠶᠡᠭᠡ ᠦᠷᠡᠭᠳᠡᠯ ᠰᠦᠢᠳᠦᠯ ᠢ ᠪᠠᠰᠠ ᠲᠣᠳᠣᠷᠬᠠᠶᠢᠯᠠᠬᠤ ᠴᠢᠬᠤᠯᠠ ᠲᠠᠢ᠃ ᠵᠥᠪᠬᠡᠨ ᠭᠤᠷᠪᠠᠳᠠᠭᠢ ᠤᠳᠠᠭ᠎ᠠ ᠳᠤ ᠪᠠᠷᠠᠭᠤᠨᠰᠢ ᠰᠢᠯᠵᠢᠭᠦᠯᠵᠦ ᠠᠪᠴᠢᠷᠠᠭᠰᠠᠨ ᠴᠠᠬᠠᠷ ᠪᠦᠰᠡᠭᠦᠶᠢᠴᠦᠳ ᠢᠶᠠᠷ ᠵᠢᠱᠢᠶᠡᠯᠡᠪᠡᠯ᠂ ᠳᠥᠷᠪᠡᠨ ᠵᠠᠭᠤ ᠭᠠᠷᠤᠢ ᠴᠠᠬᠠᠷ ᠪᠦᠰᠡᠭᠦᠶᠢᠴᠦᠳ 1764 ᠣᠨ ᠳᠤ ᠥᠪᠥᠷ ᠮᠣᠩᠭᠤᠯ ᠠᠴᠠ ᠮᠣᠷᠳᠠᠵᠤ ᠬᠡᠳᠦᠨ ᠰᠠᠷ᠎ᠠ ᠠᠶᠠᠭᠯᠠᠭᠠᠳ ᠰᠢᠨᠵᠢᠶᠠᠩ ᠤᠨ ᠪᠠᠷᠬᠥ᠋ᠯ ᠳᠤ ᠬᠦᠷᠦᠭᠰᠡᠨ ᠤ ᠳᠠᠷᠠᠭ᠎ᠠ ᠴᠢᠨᠠᠭᠰᠢ ᠪᠠᠨ ᠢᠯᠢ ᠳᠤ ᠬᠦᠷᠬᠦ‍ ᠨᠢᠭᠡ ᠰᠠᠷ᠎ᠠ ᠶᠢᠨ ᠠᠶᠠᠨ ᠳᠤᠮᠳᠠ ᠭᠤᠴᠢᠭᠠᠳ ᠨᠢ ᠠᠳᠡᠵᠦ ᠭᠤᠷᠪᠠᠨ ᠵᠠᠭᠤ ᠭᠠᠷᠤᠢ ᠡᠮᠡᠭᠲᠡᠢ ᠢᠯᠢ ᠳᠤ ᠬᠦᠷᠦᠭᠰᠡᠨ ᠪᠠᠶᠢᠵᠠᠢ᠃ ᠡᠨᠡ ᠪᠦᠬᠦᠨ ᠢ ᠪᠠᠷᠢᠮᠲᠠᠲᠤ ᠺᠢᠨᠣ᠋ ᠳᠤ ᠲᠤᠰᠬᠠᠵᠤ ᠠᠭᠤᠯᠭ᠎ᠠ ᠶᠢ ᠨᠢ ᠪᠠᠶᠠᠯᠢᠭᠵᠢᠭᠤᠯᠬᠤ ᠴᠢᠬᠤᠯᠠ ᠲᠠᠢ ᠪᠠᠶᠢᠨ᠎ᠠ᠃      ᠲᠠᠪᠤ ᠳᠤ᠂ ᠰᠢᠨᠵᠢᠶᠠᠩ ᠤᠨ ᠴᠠᠬᠠᠷᠴᠤᠳ ᠪᠣᠯ ︽ᠴᠢᠭᠤᠯᠤᠯᠲᠤ ᠬᠠᠭᠠᠯᠭ᠎ᠠ ᠠᠴᠠ ᠢᠷᠠᠵᠠᠢ︾ ᠭᠡᠳᠡᠭ ᠪᠤᠷᠤᠭᠤ ᠣᠶᠢᠯᠠᠭᠠᠯᠲᠠ ᠬᠥᠮᠥᠰ ᠤᠨ ᠳᠤᠮᠳᠠ ᠪᠠᠶᠢᠩᠭᠤ ᠬᠠᠷᠠᠭᠳᠠᠵᠤ ᠪᠠᠶᠢᠨ᠎ᠠ᠃ ᠡᠨᠡ ᠪᠤᠷᠤᠭᠤ ᠦᠵᠡᠯᠲᠡ ᠶᠢ ᠵᠠᠯᠠᠷᠠᠭᠤᠯᠬᠤ ᠳᠤ ᠲᠤᠬᠠᠢ ᠶᠢᠨ ᠦᠶ᠎ᠡ ᠳᠤ ᠴᠠᠬᠠᠷ ᠴᠡᠷᠢᠭ ᠠᠷᠠᠳ ᠡᠬᠡ ᠨᠤᠲᠤᠭ ᠡᠯᠢᠭᠡᠨ ᠰᠠᠳᠤᠨ ᠠᠴᠠ ᠪᠠᠨ ᠰᠠᠯᠵᠤ ᠤᠷᠢᠳ ᠬᠤᠵᠢᠳ ᠭᠤᠷᠪᠠᠨ ᠤᠳᠠᠭ᠎ᠠ ᠲᠦᠮᠡᠨ ᠭᠠᠵᠠᠷ ᠤᠨ ᠬᠤᠯᠠ ᠠᠶᠠᠨ ᠵᠠᠮ ᠬᠥᠭᠡᠭᠡᠵᠦ ᠪᠠᠷᠠᠭᠤᠨᠰᠢ ᠨᠡᠭᠦᠳᠡᠯᠯᠡᠨ ᠰᠢᠯᠵᠢᠬᠦ ᠳᠡᠭᠡᠨ ᠴᠣᠬᠤᠮ ᠥᠪᠥᠷ ᠮᠣᠩᠭᠤᠯ ᠤᠨ ᠬᠠᠮᠢᠭ᠎ᠠ ᠠᠴᠠ ᠮᠣᠷᠳᠠᠵᠤ ᠭᠠᠷᠤᠭᠰᠠᠨ ᠭᠡᠳᠡᠭ ᠢ ᠲᠣᠳᠣᠷᠬᠠᠶᠢᠯᠠᠬᠤ ᠬᠡᠷᠡᠭᠲᠡᠢ ᠭᠡᠯ᠎ᠡ᠃
ᠬᠠᠮᠲᠤ ᠶᠢᠨ ᠵᠢᠷᠤᠭ
ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠤᠤᠯ ᠤᠨ ᠳᠡᠳ᠋ ᠡᠷᠬᠢᠯᠡᠭᠴᠢ ᠲᠥᠷᠥᠪᠠᠶᠠᠷ
ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠳᠡᠳ᠋ ᠲᠡᠷᠢᠭᠦᠯᠡᠭᠴᠢ ᠰᠧᠷᠵᠡᠢ
ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠤᠯ ᠤᠨ ᠡᠷᠬᠢᠯᠡᠭᠴᠢ ᠴᠥᠯᠲᠥᠮ︵照片由雕塑家、摄影师艾松提供︶
 
ᠢᠷᠡᠯᠲᠡ᠄ ᠮᠣᠩᠭᠤᠯ ᠷᠠᠳᠢᠤ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号