ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠤᠳᠠᠯ ᠦᠭᠡᠢ ᠹᠷᠠᠨᠼᠢ ᠳᠤ ᠳᠡᠯᠭᠡᠭᠳᠡᠨ᠎ᠡ
ᠨᠡᠶᠢᠲᠡᠯᠡᠭᠰᠡᠨ ᠴᠠᠭ᠄
2018-09-13
      ᠰᠢᠨᠬᠤᠸᠠ ᠨᠤᠲ ᠬᠦᠬᠡᠬᠤᠲᠠ ᠶᠢᠨ 9 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ᠶᠠᠩ • ᠲᠡᠭᠷᠢ︶ 11 ᠤ ᠡᠳᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭ᠎ᠠ ᠠᠴᠠ ᠮᠦᠨ ᠰᠠᠷ᠎ᠠ ᠶᠢᠨ ᠳᠤᠮᠳᠠᠴᠢ ᠪᠠᠷ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠢ ᠹᠷᠠᠨᠼᠢ ᠶᠢᠨ ᠯᠦᠹᠷᠤ ᠤᠷᠳᠤᠨ ᠳᠤ ᠳᠡᠯᠭᠡᠬᠦ ᠪᠠᠷ ᠪᠠᠶᠢᠭ᠎ᠠ ᠶᠢ ᠮᠡᠳᠡᠭᠡᠯᠡᠵᠡᠢ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭᠠᠨ ᠤ ᠳᠡᠳ᠋ ᠲᠡᠷᠢᠭᠦᠯᠡᠭᠴᠢ ᠵᠤᠩ ᠵᠢᠶᠠᠨ ᠬᠤᠩ ᠤᠨ ᠲᠠᠨᠢᠯᠴᠠᠭᠤᠯᠤᠬᠰᠠᠨ ᠢᠶᠠᠷ᠂ ᠦᠵᠡᠰᠭᠦᠯᠡᠩ ᠳᠤ ᠤᠷᠤᠯᠴᠠᠬᠤ ᠬᠤᠪᠴᠠᠰᠤ ᠵᠠᠰᠠᠯ ᠢ ᠪᠦᠬᠦᠨ ᠢ ᠡᠮᠡᠭᠲᠡᠶᠢᠴᠤᠳ ᠤᠷᠠᠯᠠᠨ ᠪᠦᠲᠦᠭᠡᠪᠡ᠃ ᠤᠷᠠᠨ ᠵᠠᠬᠪᠤᠷ᠂ ᠡᠷᠬᠢᠮᠰᠦᠭ ᠭᠤᠶᠤᠮᠰᠤᠬ ᠡᠳᠡᠭᠡᠷ ᠪᠦᠲᠦᠭᠡᠯ ᠤᠳ ᠨᠢ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠤᠰᠬᠠᠯ ᠳᠠᠭᠠᠬᠰᠠᠨ᠂ ᠠᠮᠢᠳᠤᠷᠠᠯ ᠳᠤ ᠠᠭᠤᠰᠤᠯᠴᠠᠬᠰᠠᠨ ᠬᠠᠨᠳᠤᠯᠭ᠎ᠠ ᠶᠢ ᠬᠠᠷᠠᠭᠤᠯᠵᠦ ᠴᠢᠳᠠᠵᠠᠢ᠃      ᠲᠠᠨᠢᠯᠴᠠᠭᠤᠯᠤᠬᠰᠠᠨ ᠢᠶᠠᠷ᠂ ᠦᠵᠡᠰᠭᠦᠯᠡᠩ ᠳᠤ ᠤᠷᠤᠯᠴᠠᠬᠤ 70 ᠭᠠᠷᠤᠢ ᠢᠵᠢ ᠪᠦᠲᠦᠭᠡᠯ ᠤᠨ ᠵᠠᠷᠢᠮ ᠢ ᠨᠢ ᠡᠯ᠎ᠡ ᠠᠶᠢᠮᠠᠬ ᠬᠤᠲᠠ ᠶᠢᠨ ᠡᠮᠡᠭᠲᠡᠶᠢᠴᠤᠳ ᠤᠨ ᠬᠤᠯᠪᠤᠭ᠎ᠠ ᠠᠴᠠ ᠰᠢᠯᠢᠨ ᠳᠡᠪᠰᠢᠭᠦᠯᠵᠦ᠂ ᠵᠠᠷᠢᠮ ᠨᠢ ᠦᠪᠦᠷ ᠮᠤᠩᠭᠤᠯ ᠤᠨ ᠠᠩᠬᠠᠳᠠᠬᠴᠢ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ᠤᠨ ᠵᠠᠬᠪᠤᠷ ᠤᠨ ᠲᠡᠮᠡᠴᠡᠭᠡᠨ ᠳᠤ ᠱᠠᠩᠨᠠᠯ ᠬᠦᠷᠲᠡᠭᠰᠡᠨ ᠪᠦᠲᠦᠭᠡᠯ ᠪᠠᠶᠢᠵᠦ᠂ ᠵᠠᠷᠢᠮ ᠢ ᠨᠢ ᠦᠨᠳᠦᠰᠦᠲᠡᠨ ᠤ ᠬᠤᠪᠴᠠᠰᠤ ᠵᠠᠰᠠᠯ ᠤᠨ ᠺᠤᠮᠫᠠᠨᠢ ᠠᠴᠠ ᠡᠯᠰᠡᠪᠡ᠃
 
ᠢᠷᠡᠯᠲᠡ᠄ ᠰᠢᠨᠬᠤᠸᠠ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号