ᠰᠢᠨᠬᠤᠸᠠ ᠨᠤᠲ ᠬᠦᠬᠡᠬᠤᠲᠠ ᠶᠢᠨ 9 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ᠶᠠᠩ • ᠲᠡᠭᠷᠢ︶ 11 ᠤ ᠡᠳᠦᠷ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭ᠎ᠠ ᠠᠴᠠ ᠮᠦᠨ ᠰᠠᠷ᠎ᠠ ᠶᠢᠨ ᠳᠤᠮᠳᠠᠴᠢ ᠪᠠᠷ ᠮᠤᠩᠭᠤᠯ ᠦᠨᠳᠦᠰᠦᠲᠡᠨ ᠤ | ᠬᠤᠪᠴᠠᠰᠤ ᠵᠠᠰᠠᠯ ᠢ ᠹᠷᠠᠨᠼᠢ ᠶᠢᠨ ᠯᠦᠹᠷᠤ ᠤᠷᠳᠤᠨ ᠳᠤ ᠳᠡᠯᠭᠡᠬᠦ ᠪᠠᠷ ᠪᠠᠶᠢᠭ᠎ᠠ ᠶᠢ ᠮᠡᠳᠡᠭᠡᠯᠡᠵᠡᠢ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠶᠢᠴᠤᠳ ᠤᠨ ᠬᠤᠯᠪᠤᠭᠠᠨ ᠤ ᠳᠡᠳ᠋ ᠲᠡᠷᠢᠭᠦᠯᠡᠭᠴᠢ ᠵᠤᠩ ᠵᠢᠶᠠᠨ ᠬᠤᠩ ᠤᠨ | ᠲᠠᠨᠢᠯᠴᠠᠭᠤᠯᠤᠬᠰᠠᠨ ᠢᠶᠠᠷ᠂ ᠦᠵᠡᠰᠭᠦᠯᠡᠩ ᠳᠤ ᠤᠷᠤᠯᠴᠠᠬᠤ ᠬᠤᠪᠴᠠᠰᠤ ᠵᠠᠰᠠᠯ ᠢ ᠪᠦᠬᠦᠨ ᠢ ᠡᠮᠡᠭᠲᠡᠶᠢᠴᠤᠳ ᠤᠷᠠᠯᠠᠨ ᠪᠦᠲᠦᠭᠡᠪᠡ᠃ ᠤᠷᠠᠨ ᠵᠠᠬᠪᠤᠷ᠂ | ᠡᠷᠬᠢᠮᠰᠦᠭ ᠭᠤᠶᠤᠮᠰᠤᠬ ᠡᠳᠡᠭᠡᠷ ᠪᠦᠲᠦᠭᠡᠯ ᠤᠳ ᠨᠢ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠤᠰᠬᠠᠯ ᠳᠠᠭᠠᠬᠰᠠᠨ᠂ ᠠᠮᠢᠳᠤᠷᠠᠯ ᠳᠤ | ᠠᠭᠤᠰᠤᠯᠴᠠᠬᠰᠠᠨ ᠬᠠᠨᠳᠤᠯᠭ᠎ᠠ ᠶᠢ ᠬᠠᠷᠠᠭᠤᠯᠵᠦ ᠴᠢᠳᠠᠵᠠᠢ᠃ | ᠲᠠᠨᠢᠯᠴᠠᠭᠤᠯᠤᠬᠰᠠᠨ ᠢᠶᠠᠷ᠂ ᠦᠵᠡᠰᠭᠦᠯᠡᠩ ᠳᠤ ᠤᠷᠤᠯᠴᠠᠬᠤ 70 ᠭᠠᠷᠤᠢ ᠢᠵᠢ ᠪᠦᠲᠦᠭᠡᠯ ᠤᠨ ᠵᠠᠷᠢᠮ ᠢ ᠨᠢ ᠡᠯ᠎ᠡ ᠠᠶᠢᠮᠠᠬ ᠬᠤᠲᠠ ᠶᠢᠨ | ᠡᠮᠡᠭᠲᠡᠶᠢᠴᠤᠳ ᠤᠨ ᠬᠤᠯᠪᠤᠭ᠎ᠠ ᠠᠴᠠ ᠰᠢᠯᠢᠨ ᠳᠡᠪᠰᠢᠭᠦᠯᠵᠦ᠂ ᠵᠠᠷᠢᠮ ᠨᠢ ᠦᠪᠦᠷ ᠮᠤᠩᠭᠤᠯ ᠤᠨ ᠠᠩᠬᠠᠳᠠᠬᠴᠢ ᠬᠤᠭᠤᠴᠠᠭᠠᠨ ᠤ ᠮᠤᠩᠭᠤᠯ ᠬᠤᠪᠴᠠᠰᠤ | ᠵᠠᠰᠠᠯ ᠤᠨ ᠵᠠᠬᠪᠤᠷ ᠤᠨ ᠲᠡᠮᠡᠴᠡᠭᠡᠨ ᠳᠤ ᠱᠠᠩᠨᠠᠯ ᠬᠦᠷᠲᠡᠭᠰᠡᠨ ᠪᠦᠲᠦᠭᠡᠯ ᠪᠠᠶᠢᠵᠦ᠂ ᠵᠠᠷᠢᠮ ᠢ ᠨᠢ ᠦᠨᠳᠦᠰᠦᠲᠡᠨ ᠤ ᠬᠤᠪᠴᠠᠰᠤ ᠵᠠᠰᠠᠯ ᠤᠨ ᠺᠤᠮᠫᠠᠨᠢ ᠠᠴᠠ | ᠡᠯᠰᠡᠪᠡ᠃ |