| | | 9 ᠳ᠋ᠦ᠋ᠭᠡᠷ ᠰᠠᠷ᠎ᠠ ᠶᠢᠨ 7 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ | ᠶᠢᠨ ᠴᠦᠨ ᠯᠢᠶᠠᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠤᠨ ᠤ 17 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ | ᠬᠤᠷᠠᠯᠳᠤᠭᠤᠯᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠬᠤᠯᠪᠤᠭᠳᠠᠯ ᠪᠥᠬᠦᠢ ᠬᠡᠷᠡᠭ ᠶᠠᠪᠤᠳᠠᠯ ᠢ ᠰᠣᠳᠤᠯᠤᠨ ᠶᠠᠷᠢᠯᠴᠠᠪᠠ᠃ ᠰᠢᠶᠠᠨ ᠤ ᠤᠳᠤᠷᠢᠳᠤᠯᠭ᠎ᠠ ᠠᠴᠠ ᠵᠣᠣ ᠵᠦᠩ᠂ | ᠶᠤᠸᠠᠨ ᠪᠥᠸᠧ᠂ ᠼᠠᠣ ᠽᠢ ᠯᠢ᠂ ᠢᠣᠢ ᠷᠦᠢ᠂ ᠶᠦᠨ ᠰᠢᠶᠣᠣ ᠳ᠋ᠦᠩ᠂ ᠯᠢᠣᠢ ᡁᠢ ᠭᠠᠩ᠂ ᠷᠧᠨ ᠶᠠᠨ ᠰᠢᠶᠠᠩ᠂ ᠵᠠᠩ | ᠵᠢᠶᠦ᠋ᠨ ᠵᠢᠶᠧ᠂ ᠵᠠᠩ ᠸᠧᠢ ᠭᠤᠸᠠᠩ᠂ ᠴᠢᠶᠠᠨ ᠶᠠ ᠯᠢᠨ ᠬᠤᠷᠠᠯ ᠳᠤ ᠣᠷᠤᠯᠴᠠᠵᠤ᠂ ᠰᠢᠶᠠᠨ ᠤ ᠳᠡᠳ᠋ ᠳᠠᠷᠤᠭ᠎ᠠ ᠯᠢ | ᠶᠢᠩ ᠴᠦᠨ ᠬᠤᠷᠠᠯ ᠳᠤ ᠰᠤᠯᠠ ᠣᠷᠤᠯᠴᠠᠪᠠ᠃ | ᠬᠤᠷᠠᠯ ᠠᠴᠠ《 ᠦᠴᠦᠸᠠᠨ ᠰᠢᠶᠠᠨ ᠤ ᠶᠠᠳᠠᠭᠤ ᠬᠦᠴᠢᠷᠳᠡᠯᠲᠠᠢ ᠰᠢᠶᠠᠨ ᠤ ᠲᠣᠭᠠᠨ ᠠᠴᠠ ᠤᠬᠤᠷᠢᠵᠤ | ᠭᠠᠷᠤᠭᠰᠠᠨ ᠤ ᠲᠠᠷᠠᠭᠠᠬᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ 》᠂《 ᠪᠥᠬᠦ ᠰᠢᠶᠠᠨ ᠤ | ᠬᠡᠪᠴᠢᠶᠡᠨ ᠳᠤ ᠵᠣᠷᠢᠭ ᠢ ᠨᠢ ᠬᠥᠪᠴᠢᠯᠡᠨ ᠤᠶᠣᠨ ᠢᠶᠠᠷ ᠶᠠᠳᠠᠭᠤ ᠶᠢ ᠲᠡᠳᠬᠦᠬᠦ ᠠᠵᠢᠯᠯᠠᠭᠠᠨ ᠥᠷᠨᠢᠭᠦᠯᠬᠦ ᠲᠤᠬᠠᠢ | ᠲᠥᠰᠦᠯ 》᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ᠂ ᠮᠥᠩᠭᠦᠨ ᠭᠦᠢᠯᠭᠡᠭᠡ ᠪᠠᠷ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠪᠥᠬᠦ ᠲᠠᠯ᠎ᠠ ᠪᠠᠷ | ᠲᠦᠯᠬᠢᠨ ᠠᠬᠢᠭᠤᠯᠬᠤ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ᠂《 | 2018 ᠣᠨ ᠤ ᠦᠴᠦᠸᠠᠨ ᠰᠢᠶᠠᠨ ᠤ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠬᠡᠷᠡᠭᠵᠢᠭᠦᠯᠬᠦ ᠰᠠᠨᠠᠯ 》᠂ | ᠰᠢᠶᠠᠨ ᠤ ᠳᠡᠰ ᠤᠨ ᠥᠪᠡᠷᠲᠡᠭᠡᠨ ᠰᠢᠯᠭᠠᠭᠰᠠᠨ ᠦᠷ᠎ᠡ ᠳ᠋ᠦᠩ ᠤᠨ ᠢᠯᠡ ᠨᠡᠶᠢᠲᠡᠯᠡᠯ ᠵᠠᠷᠯᠠᠯ ᠵᠡᠷᠭᠡ ᠬᠤᠯᠪᠤᠭᠳᠠᠯ | ᠪᠥᠬᠦᠢ ᠬᠡᠷᠡᠭ ᠶᠠᠪᠤᠳᠠᠯ ᠢ ᠰᠣᠳᠤᠯᠤᠨ ᠶᠠᠷᠢᠯᠴᠠᠪᠠ᠃ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠠᠮᠵᠢᠯᠲᠠ | ᠪᠥᠲᠦᠮᠵᠢ ᠶᠢᠨ ᠬᠢᠨᠠᠨ ᠰᠢᠯᠭᠠᠯᠲᠠ ᠶᠢᠨ ᠳᠤᠰᠬᠠᠭᠰᠠᠨ ᠠᠰᠠᠭᠤᠳᠠᠯ ᠵᠢᠴᠢ ᠵᠠᠭᠤᠨ ᠲᠤᠰᠬᠤᠨ ᠵᠠᠭᠤᠨ ᠠᠵᠤ | ᠠᠬᠤᠶᠢᠯᠠᠯ ᠬᠤᠯᠪᠤᠭᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠤᠰᠪᠠ᠃ | ᠶᠢᠨ ᠴᠦᠨ ᠯᠢᠶᠠᠩ ᠴᠢᠩᠭᠠᠳᠬᠠᠭᠰᠠᠨ ᠨᠢ᠂ ᠡᠩ ᠲᠡᠷᠢᠭᠦᠨ ᠳᠤ᠂ ᠣᠯᠠᠨ ᠲᠥᠷᠦᠯ ᠤᠨ ᠠᠰᠢᠭ ᠲᠤᠰᠠ | ᠬᠤᠯᠪᠤᠭᠠᠯᠠᠭᠰᠠᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠤ᠂ ᠮᠠᠨ ᠤ ᠰᠢᠶᠠᠨ ᠤ | ᠳᠦᠷᠪᠡᠨ ᠵᠣᠷᠪᠤᠰ ᠠᠵᠤ ᠦᠢᠯᠡᠰ ᠤᠨ ᠬᠡᠯᠬᠢᠶ᠎ᠡ ᠵᠢᠴᠢ ᠲᠤᠯᠭᠠᠭᠤᠷᠢ ᠠᠵᠤ ᠠᠬᠤᠶᠢᠯᠠᠯ ᠤᠨ ᠳᠠᠭᠠᠭᠤᠯᠤᠭᠴᠢ | ᠦᠢᠯᠡᠳᠦᠯ ᠳᠤ ᠲᠦᠰᠢᠭᠯᠡᠵᠦ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠬᠤ | ᠬᠡᠷᠡᠭᠲᠡᠢ᠃ ᠳᠠᠷᠠᠭ᠎ᠠ ᠨᠢ᠂ ᠬᠦᠳᠡᠭᠡ ᠲᠤᠰᠬᠤᠨ ᠤ ᠪᠣᠯᠪᠠᠰᠤᠨ ᠮᠣᠷᠠᠯ ᠰᠤᠷᠲᠠᠯ ᠪᠠ ᠣᠶᠤᠨ ᠤ ᠪᠤᠯᠪᠠᠰᠤᠨ ᠤ ᠦᠵᠡᠯ | ᠰᠠᠨᠠᠭ᠎ᠠ ᠶᠣᠰᠤ ᠰᠤᠷᠲᠠᠬᠤᠨ ᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠤ᠂ ᠣᠯᠠᠨ ᠲᠦᠮᠡᠨ ᠤ ᠥᠪᠡᠷ ᠢᠶᠠᠨ | ᠬᠦᠴᠦᠷᠬᠡᠭᠵᠢᠬᠦ᠂ ᠰᠢᠷᠭᠠᠭᠤ ᠲᠡᠮᠡᠴᠡᠨ ᠠᠵᠤ ᠠᠮᠢᠳᠤᠷᠠᠯ ᠢᠶᠠᠨ ᠦᠭᠡᠳᠡ ᠲᠠᠳᠠᠬᠤ ᠤᠷᠮ᠎ᠠ ᠵᠣᠷᠢᠭ ᠢ ᠨᠢ ᠬᠥᠪᠴᠢᠯᠡᠬᠦ | ᠬᠡᠷᠡᠭᠲᠡᠢ᠃ ᠭᠤᠷᠪᠠ ᠳᠤ᠂ ᠵᠠᠭᠤᠨ ᠠᠵᠤ ᠠᠬᠤᠶᠢᠯᠠᠯ ᠵᠠᠭᠤᠨ ᠲᠤᠰᠬᠤᠨ ᠬᠤᠯᠪᠤᠭᠠᠯᠠᠬᠤ ᠠᠵᠢᠯ ᠢ ᠨᠠᠷᠢᠨ ᠨᠢᠮᠪᠠᠢ | ᠵᠣᠬᠢᠶᠠᠨ ᠪᠠᠶᠢᠭᠤᠯᠤᠨ ᠦᠷᠨᠢᠭᠦᠯᠵᠤ᠂ ᠡᠯ᠎ᠡ ᠰᠢᠶᠠᠩ ᠪᠠᠯᠭᠠᠰᠤ ᠶᠢᠨ ᠬᠢᠨ ᠬᠠᠷᠢᠴᠠᠭ᠎ᠠ ᠬᠤᠯᠪᠤᠭ᠎ᠠ ᠠᠪᠬᠤ᠂ | ᠵᠣᠬᠢᠴᠠᠭᠤᠯᠬᠤ ᠪᠠ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠤ᠂ ᠬᠤᠲᠠ ᠶᠢᠨ ᠳᠡᠰ ᠤᠨ ᠬᠠᠮᠢᠶ᠎ᠠ | ᠪᠥᠬᠦᠢ ᠰᠠᠯᠠᠭ᠎ᠠ ᠮᠦᠴᠢᠷ ᠵᠢᠴᠢ ᠤᠳᠤᠷᠢᠳᠤᠯᠭ᠎ᠠ ᠳᠤ ᠬᠤᠯᠪᠤᠭᠳᠠᠯ ᠪᠥᠬᠦᠢ ᠠᠵᠢᠯ ᠢᠶᠠᠨ ᠢᠳᠡᠪᠬᠢᠲᠠᠢ ᠬᠠᠷᠢᠭᠤ | ᠮᠡᠳᠡᠭᠦᠯᠵᠤ᠂ ᠲᠥᠷᠦᠯ ᠵᠦᠢᠯ ᠢ ᠮᠦᠷᠳᠡᠬᠦ ᠨᠠᠶᠢᠳᠠᠪᠤᠷᠢᠵᠢᠭᠤᠯᠬᠤ ᠠᠵᠢᠯ ᠢ ᠰᠠᠶᠢᠨ ᠬᠢᠬᠦ ᠬᠡᠷᠡᠭᠲᠡᠢ᠃ ᠳᠦᠷᠪᠡ ᠳᠤ᠂ | ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠳᠦᠷᠢᠮ ᠤᠨ ᠪᠥᠲᠦᠭᠡᠨ ᠪᠠᠶᠢᠭᠤᠯᠤᠯᠲᠠ ᠪᠠ ᠮᠥᠩᠭᠦᠨ | ᠭᠦᠢᠯᠭᠡᠭᠡ ᠪᠠᠷ ᠶᠠᠳᠠᠭᠤ ᠶᠢ ᠲᠡᠳᠬᠦᠬᠦ ᠪᠠᠲᠤᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠢ ᠮᠦᠷᠲᠡᠭᠡᠨ | ᠲᠤᠬᠠᠢ ᠶᠢᠨ ᠭᠠᠵᠠᠷ ᠤᠨ ᠬᠢᠨᠢ ᠪᠠᠶᠢᠳᠠᠯ ᠲᠠᠢ ᠤᠶᠠᠯᠳᠤᠭᠤᠯᠤᠨ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ | ᠦᠢᠯᠡᠳᠬᠦᠨ ᠪᠠ ᠦᠢᠯᠡᠴᠢᠯᠡᠭᠡ ᠶᠢᠨ ᠰᠢᠨ᠎ᠡ ᠶᠢ ᠡᠭᠦᠳᠬᠦ ᠬᠦᠴᠦᠯᠡᠴᠡ ᠶᠢ ᠨᠡᠮᠡᠭᠳᠡᠭᠦᠯᠬᠦ ᠬᠡᠷᠡᠭᠲᠡᠢ ᠭᠡᠪᠡ᠃ | ᠲᠤᠰ ᠤᠳᠠᠭᠠᠨ ᠤ ᠬᠤᠷᠠᠯ ᠳᠤ ᠪᠠᠰᠠ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ | ᠪᠠᠶᠢᠴᠠᠭᠠᠬᠤ ᠵᠦᠪᠯᠡᠯ᠂ ᠵᠠᠰᠠᠭ ᠤᠨ ᠣᠷᠳᠤᠨ ᠤ ᠠᠯᠪᠠᠨ ᠭᠡᠷ᠂ ᠵᠣᠬᠢᠶᠠᠨ ᠪᠠᠶᠢᠭᠤᠯᠬᠤ ᠬᠡᠯᠲᠡᠰ᠂ ᠶᠠᠳᠠᠭᠤ ᠶᠢ ᠲᠡᠳᠬᠦᠬᠦ | ᠠᠯᠪᠠᠨ ᠭᠡᠷ᠂ ᠣᠢ ᠰᠢᠭᠤᠢ ᠶᠢᠨ ᠲᠣᠪᠴᠢᠶ᠎ᠠ᠂ ᠣᠷᠤᠨ ᠰᠠᠭᠤᠴᠠ ᠪᠠ ᠬᠤᠲᠠ ᠬᠦᠳᠡᠭᠡ ᠶᠢᠨ ᠪᠥᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠠᠷᠠᠳ ᠤᠨ ᠪᠠᠩᠬᠢ ᠶᠢᠨ ᠬᠤᠯᠪᠤᠭᠳᠠᠯ ᠪᠥᠬᠦᠢ ᠬᠠᠷᠢᠭᠤᠴᠠᠯᠭᠠᠲᠠᠳ ᠪᠠ ᠡᠯ᠎ᠡ ᠰᠢᠶᠠᠩ ᠪᠠᠯᠭᠠᠰᠤᠨ ᠤ ᠳᠠᠷᠤᠭ᠎ᠠ ᠨᠠᠷ | ᠰᠤᠯᠠ ᠣᠷᠤᠯᠴᠠᠪᠠ᠃ |