2018 ᠤᠨ ᠤ ᠰᠢᠨ᠎ᠡ ᠦᠭᠡ ᠨᠡᠷ᠎ᠡ ᠳᠤᠮᠢᠶᠠᠨ ᠤ ᠮᠤᠩᠭᠤᠯ ᠤᠷᠴᠢᠭᠤᠯᠭ᠎ᠠ ᠶᠢ ᠬᠢᠨᠠᠨ ᠳᠤᠭᠳᠠᠭᠠᠬᠤ ᠡᠷᠳᠡᠮᠳᠡᠳ ᠤᠨ ᠬᠤᠷᠠᠯ ᠪᠠᠷᠠᠭᠤᠨ ᠬᠤᠶᠢᠳᠤ ᠶᠢᠨ ᠥᠨᠳᠥᠰᠥᠲᠡᠨ ᠤ ᠶᠡᠭᠡ ᠰᠤᠷᠭᠠᠭᠤᠯᠢ ᠳᠤ ᠬᠤᠷᠠᠯᠳᠤᠪᠠ
ᠨᠡᠶᠢᠲᠡᠯᠡᠭᠰᠡᠨ ᠴᠠᠭ᠄
2018-09-14
      2018 ᠤᠨ ᠤ ᠰᠢᠨ᠎ᠡ ᠦᠭᠡ ᠨᠡᠷ᠎ᠡ ᠳᠤᠮᠢᠶᠠᠨ ᠤ ᠮᠤᠩᠭᠤᠯ ᠤᠷᠴᠢᠭᠤᠯᠭ᠎ᠠ   ᠶᠢ ᠬᠢᠨᠠᠨ ᠳᠤᠭᠳᠠᠭᠠᠬᠤ ᠡᠷᠳᠡᠮᠳᠡᠳ ᠤᠨ ᠬᠤᠷᠠᠯ 2018 ᠤᠨ ᠤ 9 ᠰᠠᠷ᠎ᠠ ᠶᠢᠨ 13 ᠤ ᠡᠳᠦᠷ ᠭᠠᠨᠰᠤ ᠮᠤᠵᠢ ᠶᠢᠨ ᠯᠠᠨᠵᠸᠦ ᠳᠤ ᠬᠢ ᠪᠠᠷᠠᠭᠤᠨ ᠬᠤᠶᠢᠳᠤ ᠶᠢᠨ ᠥᠨᠳᠥᠰᠥᠲᠡᠨ ᠤ ᠶᠡᠭᠡ ᠰᠤᠷᠭᠠᠭᠤᠯᠢ ᠳᠤ ᠬᠤᠷᠠᠯᠳᠤᠪᠠ᠃ ᠬᠤᠯᠪᠤᠭᠳᠠᠯ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠪᠤᠯᠤᠨ ᠪᠡᠭᠡᠵᠢᠩ᠂ ᠦᠪᠦᠷ ᠮᠤᠩᠭᠤᠯ᠂ ᠭᠠᠨᠰᠤ᠂ ᠬᠦᠬᠡᠨᠠᠭᠤᠷ᠂ ᠯᠢᠶᠤᠤᠨᠢᠩ᠂ ᠰᠢᠨᠵᠢᠶᠠᠩ᠂ ᠬᠢᠷᠢᠨ ᠵᠡᠷᠭᠡ ᠭᠠᠵᠠᠷ ᠤᠷᠤᠨ ᠠᠴᠠ ᠢᠷᠡᠭᠰᠡᠨ 30 ᠭᠠᠷᠤᠢ ᠮᠤᠩᠭᠤᠯ ᠬᠡᠯᠡᠨ ᠤ ᠤᠷᠴᠢᠭᠤᠯᠭ᠎ᠠ ᠶᠢᠨ ᠡᠷᠳᠡᠮᠳᠡᠨ ᠬᠤᠷᠠᠯ ᠳᠤ ᠤᠷᠤᠯᠴᠠᠵᠠᠢ᠃ ᠡᠷᠳᠡᠮᠳᠡᠳ 2017 ᠤᠨ ᠠᠴᠠ ᠨᠠᠭᠠᠰᠢ ᠮᠤᠩᠭᠤᠯ ᠬᠡᠯᠡᠨ ᠤ ᠤᠷᠴᠢᠭᠤᠯᠭ᠎ᠠ ᠶᠢᠨ ᠳᠤᠮᠳᠠ ᠢᠯᠡᠷᠡᠭᠰᠡᠨ ᠤᠯᠤᠰ ᠲᠦᠷᠦ᠂ ᠠᠵᠦ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠤᠯᠠᠨ ᠬᠦᠷᠢᠶᠡᠨ ᠳᠤ ᠬᠤᠯᠪᠤᠭᠳᠠᠬᠤ 300 ᠭᠠᠷᠤᠢ ᠰᠢᠨ᠎ᠡ ᠦᠭᠡ ᠨᠡᠷ᠎ᠡ ᠳᠤᠮᠢᠶ᠎ᠠ ᠶᠢ ᠬᠢᠨᠠᠨ ᠳᠤᠭᠳᠠᠭᠠᠵᠦ᠂ ᠰᠢᠨ᠎ᠡ ᠦᠭᠡ ᠨᠡᠷ᠎ᠡ ᠳᠤᠮᠢᠶᠠᠨ ᠤ ᠤᠷᠴᠢᠭᠤᠯᠭ᠎ᠠ ᠶᠢ ᠬᠡᠷᠬᠢᠨ ᠨᠢᠭᠡᠳᠭᠡᠵᠦ ᠲᠦᠷᠢᠮᠵᠢᠬᠦᠯᠬᠦ ᠠᠰᠠᠭᠤᠳᠠᠯ ᠪᠤᠯᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠤᠨ ᠳᠠᠯ᠎ᠠ ᠪᠠᠷ ᠬᠦᠨᠵᠡᠭᠡᠢ ᠰᠤᠳᠤᠯᠤᠨ ᠶᠠᠷᠢᠯᠴᠠᠬᠤ ᠪᠤᠯᠤᠨ᠎ᠠ᠃ ᠬᠤᠷᠠᠯ ᠳᠡᠭᠡᠷ᠎ᠡ ᠪᠠᠰᠠ ᠬᠢᠳᠡᠳ ᠮᠤᠩᠭᠤᠯ ᠤᠷᠴᠢᠭᠤᠯᠭ᠎ᠠ ᠶᠢᠨ ᠡᠷᠳᠡᠮ ᠰᠢᠨᠵᠢᠯᠡᠭᠡᠨ ᠤ ᠦᠨᠳᠦᠷ ᠳᠦᠪᠰᠢᠨ ᠤ ᠹᠤᠷᠤᠮ ᠢ ᠳᠤᠰᠬᠠᠶᠢᠯᠠᠨ ᠵᠤᠬᠢᠶᠠᠨ ᠪᠠᠶᠢᠭᠤᠯᠵᠦ᠂ ᠬᠢᠳᠡᠳ ᠮᠤᠩᠭᠤᠯ ᠤᠷᠴᠢᠭᠤᠯᠭ᠎ᠠ ᠶᠢᠨ ᠤᠨᠤᠯ ᠪᠤᠯᠤᠨ ᠤᠷᠴᠢᠭᠤᠯᠭ᠎ᠠ ᠶᠢᠨ ᠦᠢᠯᠡᠳᠦᠯᠭᠡ ᠶᠢᠨ ᠳᠠᠯ᠎ᠠ ᠪᠠᠷ ᠬᠦᠨᠵᠡᠭᠡᠢ ᠰᠤᠳᠤᠯᠤᠨ ᠶᠠᠷᠢᠯᠴᠠᠵᠦ᠂ ᠰᠠᠨᠠᠯ ᠪᠤᠳᠤᠯ ᠢᠶᠠᠨ ᠰᠤᠯᠢᠯᠴᠠᠬᠤ ᠪᠤᠯᠤᠨ᠎ᠠ᠃
     ᠡᠨᠡᠬᠦ ᠬᠤᠷᠠᠯ ᠢ ᠲᠦᠪ ᠤᠨ ᠦᠨᠳᠦᠰᠦᠳᠡᠨ ᠤ ᠠᠵᠢᠯ ᠤᠨ ᠬᠤᠷᠠᠯᠳᠤᠭᠠᠨ ᠪᠤᠯᠤᠨ ︽ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠬᠤᠷᠢᠶ᠎ᠠ ᠶᠢᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠳᠤᠬᠠᠢ ᠵᠢᠯᠤᠭᠤᠳᠬᠤ ᠰᠠᠨᠠᠯ︾ ᠤᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠤᠷᠢᠯᠭ᠎ᠠ ᠪᠠᠷ ᠳᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠳᠤᠪᠴᠢᠶ᠎ᠠ ᠠᠴᠠ ᠭᠤᠤᠯᠯᠠᠨ ᠡᠷᠬᠢᠯᠡᠵᠦ᠂ ᠪᠠᠷᠠᠭᠤᠨ ᠬᠤᠶᠢᠳᠤ ᠶᠢᠨ ᠦᠨᠳᠦᠰᠦᠳᠡᠨ ᠤ ᠶᠡᠭᠡ ᠰᠤᠷᠭᠠᠭᠤᠯᠢ ᠠᠴᠠ ᠬᠠᠮᠵᠢᠨ ᠡᠷᠬᠢᠯᠡᠭᠰᠡᠨ ᠪᠠᠶᠢᠨ᠎ᠠ᠃ ᠪᠠᠷᠠᠭᠤᠨ ᠬᠤᠶᠢᠳᠤ ᠶᠢᠨ ᠦᠨᠳᠦᠰᠦᠳᠡᠨ ᠤ ᠶᠡᠭᠡ ᠰᠤᠷᠭᠠᠭᠤᠯᠢ ᠨᠢ ᠤᠯᠤᠰ ᠤᠨ ᠳᠤᠳᠤᠭᠠᠳᠤ ᠶᠢᠨ ᠴᠤᠷ ᠤᠨ ᠭᠠᠭᠴᠠ ᠬᠢᠳᠡᠳ ᠮᠤᠩᠭᠤᠯ ᠤᠷᠴᠢᠭᠤᠯᠭ᠎ᠠ ᠶᠢᠨ ᠳᠤᠰᠬᠠᠢ ᠮᠡᠷᠭᠡᠵᠢᠯ ᠤᠨ ᠰᠢᠨᠵᠢᠯᠡᠭᠡᠨ ᠤ ᠴᠡᠭ ᠲᠠᠢ ᠶᠡᠭᠡ ᠰᠤᠷᠭᠠᠭᠤᠯᠢ ᠪᠤᠯᠬᠤ ᠪᠦᠭᠡᠳ ᠳᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠳᠤᠪᠴᠢᠶ᠎ᠠ ᠲᠠᠢ ᠤᠯᠠᠨ ᠵᠢᠯ ᠤᠨ ᠳᠤᠷᠰᠢ ᠬᠠᠮᠳᠤᠷᠠᠨ ᠠᠵᠢᠯᠯᠠᠭᠰᠠᠭᠠᠷ ᠢᠷᠡᠵᠡᠢ᠃
     ᠳᠤᠰ ᠤᠳᠠᠭᠠᠨ ᠤ ᠬᠤᠷᠠᠯ ᠤᠨ ᠬᠤᠷᠠᠯᠳᠤᠭᠰᠠᠨ ᠨᠢ ᠰᠢᠨ᠎ᠡ ᠦᠭᠡ ᠨᠡᠷ᠎ᠡ ᠳᠤᠮᠢᠶᠠᠨ ᠤ ᠮᠤᠩᠭᠤᠯ ᠤᠷᠴᠢᠭᠤᠯᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠦᠨ‌ᠨᠢᠭᠡᠳᠭᠡᠵᠦ᠂ ᠪᠠᠷᠢᠮᠵᠢᠶᠠᠵᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠲᠥᠪ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号