ᠡᠨᠡ ᠵᠢᠯ ᠠᠴᠠ ᠨᠠᠰᠢ᠂ ᠴᠢᠩ ᠱᠦᠢ ᠾᠧ ᠰᠢᠶᠠᠨ ︽ᠳᠥᠷᠪᠡᠨ ᠬᠠᠮᠤᠭ ᠠᠴᠠ ᠴᠢᠩᠭ᠎ᠠ︾ ᠱᠠᠭᠠᠷᠳᠠᠯᠭ᠎ᠠ | ᠶᠣᠰᠣᠭᠠᠷ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠴᠢᠳᠠᠪᠤᠷᠢ ᠶᠢ | ᠶᠡᠬᠡᠪᠡᠷ ᠲᠦᠯᠬᠢᠨ ᠠᠬᠢᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠢ | ᠪᠥᠲᠥᠭᠡᠨ ᠪᠠᠶᠢᠭᠤᠯᠪᠠ᠃ ᠨᠢᠭᠡ ᠳᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠪᠠ᠃ ᠢᠳᠡᠭᠡᠨ ᠪᠠ ᠡᠮ ᠤᠨ ᠵᠦᠢᠯ ᠤᠨ ᠠᠶᠤᠯ ᠥᠭᠡᠢ ᠳᠤ ᠬᠢᠨᠠᠯᠲᠠ ᠲᠠᠯᠪᠢᠵᠤ ᠪᠠᠶᠢᠴᠠᠭᠠᠬᠤ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠣᠳᠣᠬᠠᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ | ᠨᠢᠭᠡᠴᠡ ᠶᠢᠨ ᠪᠥᠬᠦ ᠲᠣᠭᠠᠨ ᠤ 95% ᠶᠢ ᠲᠣᠭᠠᠵᠢᠭᠤᠯᠤᠨ ᠱᠠᠲᠤ ᠬᠤᠪᠢᠶᠠᠵᠤ ᠬᠢᠨᠠᠨ ᠲᠣᠭᠲᠠᠭᠠᠵᠤ᠂ ︽ | ᠠᠷᠢᠭᠤᠨ ᠴᠡᠪᠡᠷ ᠲᠣᠭᠤᠭ᠎ᠠ ᠲᠤᠯᠭ᠎ᠠ ᠲᠠᠢ ᠪᠠᠶᠢᠬᠤ︾ ᠶᠢ 100% ᠳᠤ ᠬᠦᠷᠦᠭᠦᠯᠪᠡ᠃ ᠬᠤᠶᠠᠷ ᠲᠤ᠂ | ᠭᠤᠤᠯᠳᠠᠯᠭ᠎ᠠ ᠲᠠᠢ ᠢᠳᠡᠭᠡᠨ ᠤ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ | ᠪᠠᠶᠢᠴᠠᠭᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠴᠠᠭᠠᠨ ᠢᠳᠡᠭᠡ᠂ ᠮᠢᠬ᠎ᠠ ᠬᠢᠭᠡᠳ ᠮᠢᠬᠠᠨ ᠪᠦᠲᠦᠭᠡᠭᠳᠡᠬᠦᠨ᠂ | ᠢᠳᠡᠰᠢᠨ ᠤᠷᠭᠤᠮᠠᠯ ᠤᠨ ᠳᠤᠰᠤ᠂ ᠬᠠᠷ᠎ᠠ ᠠᠷᠢᠬᠢ᠂ ᠠᠮᠲᠠ ᠣᠷᠣᠭᠤᠯᠤᠭᠴᠢ᠂ ᠪᠤᠳᠠᠭ᠎ᠠ ᠭᠤᠯᠢᠷ ︵ᠠᠮᠤ ᠪᠤᠳᠠᠭ᠎ᠠ︶ | ᠪᠦᠲᠦᠭᠡᠭᠳᠡᠬᠦᠨ᠂ ᠮᠠᠯ ᠵᠢᠭᠦᠷᠲᠡᠨ ᠤᠰᠤᠨ ᠤ ᠭᠠᠷᠤᠯᠲᠠ᠂ ᠦᠨᠳᠦᠰᠦᠲᠡᠨ ᠤ ᠤᠨᠴᠠᠯᠢᠭᠳᠤ ᠢᠳᠡᠭᠡᠨ ᠵᠡᠷᠭᠡ | ᠭᠤᠤᠯᠳᠠᠯᠭ᠎ᠠ ᠲᠠᠢ ᠢᠳᠡᠭᠡᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠠᠳᠬᠤᠪᠠ᠃ ᠴᠡᠭᠴᠡᠯᠡᠨ | ᠵᠠᠰᠠᠬᠤ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 160 ᠲᠦᠮᠡᠨ ᠬᠥᠮᠦᠨ ᠤᠳᠠᠭ᠎ᠠ | ᠬᠥᠳᠡᠯᠭᠡᠵᠦ᠂ ᠡᠵᠡᠩᠨᠡᠯᠲᠡ ᠶᠢᠨ ᠡᠷᠦᠬᠡ 450 ᠭᠠᠷᠤᠢ ᠶᠢ ᠪᠠᠶᠢᠴᠠᠭᠠᠪᠠ᠃ ᠭᠤᠷᠪᠠ ᠳᠤ ᠡᠯ᠎ᠡ ᠵᠦᠢᠯ ᠤᠨ | ᠬᠤᠭᠤᠯᠠᠨ ᠭᠡᠷ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ | ᠦᠶᠡᠰ᠂ ᠰᠤᠷᠭᠠᠭᠤᠯᠢ ᠶᠢᠨ ᠬᠤᠭᠤᠯᠠᠨ ᠭᠡᠷ ᠪᠣᠯᠤᠨ ᠰᠤᠷᠭᠠᠭᠤᠯᠢ ᠶᠢᠨ ᠲᠣᠭᠤᠷᠢᠨ ᠤ ᠢᠳᠡᠭᠡᠨ ᠤ ᠠᠮᠤᠷ | ᠲᠦᠪᠰᠢᠨ ᠢ ᠭᠤᠣᠯᠳᠠᠯᠭ᠎ᠠ ᠪᠣᠯᠭᠠᠵᠤ᠂ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠤᠭᠤᠯᠠᠨ ᠭᠡᠷ᠂ ᠢᠳᠡᠭᠡᠨ ᠤᠮᠳᠠᠭᠠᠨ ᠤ ᠠᠮᠤᠷ ᠲᠦᠪᠰᠢᠨ ᠤ | ᠠᠮᠠᠯᠠᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠯᠤᠭ᠎ᠠ ︽ᠰᠤᠷᠭᠠᠭᠤᠯᠢ ᠶᠢᠨ | ᠬᠤᠭᠤᠯᠠᠨ ᠭᠡᠷ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠪᠢᠴᠢᠭ︾ 11 ᠬᠤᠪᠢ ᠲᠣᠭᠲᠠᠭᠠᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ | ᠠᠰᠠᠭᠤᠳᠠᠯ ᠳᠤ᠂ ᠣᠨᠴᠠ ᠵᠠᠷᠢᠮ ᠰᠤᠷᠭᠠᠭᠤᠯᠢ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠪᠡ᠃ ᠲᠦᠷᠪᠡ ᠳᠤ᠂ ᠢᠳᠡᠭᠡᠨ ᠤ ᠠᠶᠤᠯ ᠦᠭᠡᠢ ᠶᠢᠨ ᠰᠤᠭᠤᠴᠠᠨ ᠪᠠᠶᠢᠴᠠᠭᠠᠬᠤ ᠠᠵᠢᠯ ᠢ ᠪᠦᠬᠦ | ᠲᠠᠯ᠎ᠠ ᠪᠠᠷ ᠥᠷᠨᠢᠭᠦᠯᠪᠡ᠃ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ ᠵᠦᠢᠯ ᠢ ᠨᠢᠭᠡᠨᠲᠡ 195 ᠪᠥᠯᠥᠭ | ᠤᠳᠠᠭ᠎ᠠ ᠰᠤᠭᠤᠴᠢᠨ ᠪᠠᠶᠢᠴᠠᠭᠠᠵᠤ᠂ ᠣᠳᠣ ᠶᠠᠭ ᠰᠢᠯᠭᠠᠨ ᠬᠡᠮᠵᠢᠬᠦ ᠶᠠᠪᠤᠴᠠ ᠳᠠᠭᠠᠨ ᠪᠤᠢ᠃ |