ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ︽ᠲᠤᠬᠠᠶᠢᠯᠠᠭᠰᠠᠨ ᠠᠵᠢᠯ ᠢᠶᠠᠨ ᠰᠣᠷᠣᠯᠴᠠᠵᠣ᠂ ᠬᠡᠪ | ᠴᠢᠨᠠᠷ ᠢᠶᠠᠨ ᠳᠡᠭᠡᠭᠰᠢᠯᠡᠭᠦᠯᠵᠦ᠂ ᠤᠷ᠎ᠠ ᠴᠢᠳᠠᠪᠣᠷᠢ ᠪᠠᠨ ᠴᠢᠩᠭᠠᠳᠬᠠᠵᠣ︾᠂ ᠦᠨᠳᠦᠰᠦᠨ ᠱᠠᠲᠤᠨ ᠤ ᠬᠦᠮᠦᠰ ᠤᠨ | ᠨᠥᠯᠥᠭᠡᠯᠡᠬᠦ ᠬᠦᠴᠦᠨ ᠪᠣᠯᠣᠨ ᠨᠡᠶᠢᠲᠡ ᠳᠤ ᠢᠲᠡᠭᠡᠭᠦᠯᠬᠦ ᠬᠦᠴᠦᠨ ᠢ ᠪᠤᠢ ᠪᠣᠯᠭᠠᠵᠤ᠂ ᠪᠦᠬᠦ ᠰᠢᠶᠠᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ | ᠲᠣᠭᠤᠷᠢᠨ ᠢ ᠴᠣᠭᠴᠠᠯᠠᠬᠤ ᠶᠢᠨ ᠲᠣᠰᠠᠳᠠ᠂ ᠠᠷᠠᠳ ᠤᠨ ᠪᠠᠩᠬᠢ ᠶᠢᠨ ᠬᠤᠷᠢᠨᠭᠡᠷ ᠰᠢᠶᠠᠨ ᠤ ᠲᠥᠪ ᠤᠨ ᠰᠠᠯᠪᠤᠷᠢ | ᠪᠠᠩᠬᠢ 9 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠪᠦᠬᠦ ᠰᠢᠶᠠᠨ ᠤ ᠪᠠᠩᠬᠢ᠂ ᠳᠠᠭᠠᠳᠬᠠᠯ | ᠵᠡᠷᠭᠡ ᠪᠠᠶᠢᠭᠤᠯᠤᠮᠵᠢ ᠨᠤᠭᠤᠳ ᠢ ᠵᠣᠬᠢᠶᠠᠨ ᠪᠠᠶᠢᠭᠤᠯᠵᠣ᠂ ᠵᠣᠭᠤᠰ ᠤᠬᠢᠶᠠᠬᠤ ᠶᠢ ᠡᠰᠡᠷᠭᠦᠴᠡᠬᠦ ᠮᠡᠳᠡᠯᠭᠡ ᠶᠢᠨ | ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠪᠡ᠃ | ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠤᠨ | ᠰᠠᠯᠪᠤᠷᠢ ᠪᠠᠩᠬᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ᠭᠠᠵᠠᠷ ᠤᠨ ᠳᠠᠷᠤᠭ᠎ᠠ ᠸᠠᠩ ᠭᠦᠸᠧ ᠵᠢᠶᠦ᠋ᠨ | ᠠᠵᠢᠯᠯᠠᠭ᠎ᠠ ᠳᠤ ᠣᠷᠣᠯᠴᠠᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠮᠥᠩᠭᠦᠨ | ᠭᠦᠢᠯᠭᠡᠭᠡᠨ ᠤ ᠠᠯᠪᠠᠨ ᠬᠡᠷ᠂ ᠰᠢᠶᠠᠨ ᠤ ᠠᠷᠠᠳ ᠤᠨ ᠪᠠᠩᠬᠢ ᠶᠢᠨ ᠬᠠᠷᠢᠭᠤᠴᠠᠯᠭᠠᠲᠠᠨ᠂ ᠪᠦᠬᠦ ᠰᠢᠶᠠᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠬᠤᠯᠪᠣᠭᠳᠠᠯ ᠪᠥᠬᠦᠶ ᠬᠠᠷᠢᠭᠤᠴᠠᠯᠭᠠᠲᠠᠳ ᠳᠤᠰ ᠤᠳᠠᠭ᠎ᠠ ᠶᠢᠨ ᠤᠷᠤᠯᠳᠤᠭᠠᠨ ᠢ ᠦᠵᠡᠭᠰᠡᠨ ᠪᠠᠶᠢᠨ᠎ᠠ᠃ | ᠲᠤᠰ ᠤᠳᠠᠭᠠᠨ ᠤ ᠤᠷᠤᠯᠳᠤᠭᠠᠨ ᠨᠢ ᠣᠷᠣᠯᠳᠣᠭᠠᠨ ᠢᠶᠠᠷ ᠰᠤᠷᠤᠯᠴᠠᠬᠤ ᠶᠢ ᠠᠬᠢᠭᠤᠯᠵᠤ᠂ | ᠤᠷᠤᠯᠳᠤᠭᠠᠨ ᠢᠶᠠᠷ ᠣᠬᠠᠭᠤᠯᠭ᠎ᠠ ᠶᠢ ᠠᠬᠢᠭᠤᠯᠵᠤ᠂ ᠣᠷᠣᠯᠳᠣᠭᠠᠨ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠣᠨ᠂ | ︽ᠬᠠᠤᠯᠢ ᠲᠣᠭᠲᠠᠭᠠᠯ ᠢ ᠰᠣᠷᠣᠯᠴᠠᠵᠣ᠂ ᠴᠢᠳᠠᠪᠤᠷᠢ ᠪᠠᠨ ᠳᠡᠭᠡᠭᠰᠢᠯᠡᠭᠦᠯᠦᠨ᠂ ᠦᠵᠡᠯ ᠤᠬᠠᠮᠰᠠᠷ ᠢᠶᠠᠨ | ᠴᠢᠩᠭᠠᠳᠬᠠᠵᠣ᠂ ᠲᠦᠭᠰᠢᠭᠦᠷᠢ ᠶᠢ ᠰᠡᠷᠭᠡᠶᠢᠯᠡᠬᠦ︾ ᠪᠠᠷ ᠬᠠᠷᠠᠯᠲᠠ ᠪᠣᠯᠭᠠᠵᠤ᠂ ᠨᠡᠶᠢᠲᠡ 13 ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠳᠣᠭᠤᠶᠢᠯᠠᠩ ᠣᠷᠣᠯᠴᠠᠵᠣ᠂ ᠪᠡᠯᠡᠳᠬᠡᠯ ᠤᠷᠤᠯᠳᠤᠭᠠᠨ ᠢᠶᠠᠷ ᠳᠠᠮᠵᠢᠵᠣ ᠨᠡᠶᠢᠲᠡ | 8 ᠲᠥᠯᠥᠭᠡᠯᠡᠭᠴᠢ ᠶᠢᠨ ᠠᠩᠭᠢ ᠰᠢᠢᠳᠪᠦᠷᠢᠲᠦ ᠤᠷᠤᠯᠳᠤᠭᠠᠨ ᠳᠤ ᠤᠷᠤᠭᠰᠠᠨ ᠪᠠᠶᠢᠨ᠎ᠠ᠃ ᠭᠠᠭᠴᠠ ᠬᠥᠮᠦᠨ | ᠬᠠᠷᠢᠭᠤᠯᠬᠤ᠂ ᠳᠤᠭᠤᠶᠢᠯᠠᠩ ᠪᠦᠷᠢ ᠳᠤ ᠵᠠᠪᠠᠯ ᠬᠠᠷᠢᠭᠤᠯᠬᠤ᠂ ᠵᠠᠪᠳᠤᠨ ᠬᠠᠷᠢᠭᠤᠯᠬᠤ ᠵᠡᠷᠭᠡ ᠣᠯᠠᠨ ᠤᠳᠠᠭ᠎ᠠ ᠶᠢᠨ | ᠰᠢᠷᠦᠭᠦᠨ ᠥᠷᠢᠰᠥᠯᠳᠦᠭᠡᠨ ᠢᠶᠠᠷ ᠳᠠᠮᠵᠢᠵᠣ᠂ ᠬᠠᠮᠤᠭ ᠤᠨ ᠡᠴᠦᠰ ᠠᠷᠠᠳ ᠤᠨ ᠪᠠᠩᠬᠢ ᠶᠢᠨ ᠬᠤᠷᠢᠨᠭᠡᠷ ᠰᠢᠶᠠᠨ ᠤ | ᠲᠥᠪ ᠤᠨ ᠰᠠᠯᠪᠤᠷᠢ ᠪᠠᠩᠬᠢ ᠪᠦᠯᠬᠦᠮ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ ᠪᠤᠭᠤᠲᠤ ᠶᠢᠨ | ᠬᠤᠳᠠᠯᠳᠤᠭᠠᠨ ᠤ ᠲᠣᠰᠬᠤᠨ ᠪᠠᠯᠭᠠᠰᠤ ᠶᠢᠨ ᠪᠠᠩᠬᠢ᠂ ᠲᠠᠷᠢᠶᠠᠯᠠᠩ ᠤᠨ ᠪᠠᠩᠬᠢ ᠶᠢᠨ ᠬᠤᠷᠢᠨᠭᠡᠷ ᠰᠢᠶᠠᠨ ᠤ ᠰᠠᠯᠪᠤᠷᠢ | ᠪᠠᠩᠬᠢ ᠶᠢᠨ ᠬᠢᠨ ᠬᠤᠶᠠᠳᠤᠭᠠᠷ ᠲᠤ ᠣᠷᠣᠵᠤ᠂ ᠬᠤᠷᠢᠨᠭᠡᠷ ᠰᠢᠶᠠᠨ ᠤ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ | ᠪᠠᠩᠬᠢ ᠶᠢᠨ ᠬᠤᠷᠢᠨᠭᠡᠷ ᠰᠢᠶᠠᠨ ᠤ ᠰᠠᠯᠪᠤᠷᠢ ᠪᠠᠩᠬᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ | ᠺᠣᠮᠫᠠᠨᠢ ᠶᠢᠨ ᠬᠤᠷᠢᠨᠭᠡᠷ ᠰᠢᠶᠠᠨ ᠤ ᠬᠤᠪᠢᠶᠠᠷᠢ ᠺᠣᠮᠫᠠᠨᠢ ᠶᠢᠨ ᠬᠢᠨ ᠭᠤᠷᠪᠠᠳᠤᠭᠠᠷ ᠳᠡᠰ ᠤᠨ ᠱᠠᠩᠨᠠᠯ ᠬᠦᠷᠳᠡᠭᠰᠡᠨ | ᠪᠠᠶᠢᠨ᠎ᠠ᠃ | ᠲᠤᠰ ᠤᠳᠠᠭᠠᠨ ᠤ ᠤᠷᠤᠯᠳᠤᠭᠠᠨ ᠨᠢ᠂ ᠬᠠᠷᠢᠶ᠎ᠠ ᠣᠷᠣᠨ ᠤ ᠪᠠᠨ ᠮᠥᠩᠭᠦᠨ ᠭᠦᠢᠯᠭᠡᠭᠡᠨ ᠤ ᠰᠢᠰᠲ᠋ᠧᠮ ᠤᠨ | ᠵᠣᠭᠤᠰ ᠤᠬᠢᠶᠠᠬᠤ ᠶᠢ ᠡᠰᠡᠷᠭᠦᠴᠡᠬᠦ ᠠᠵᠢᠯ ᠤᠨ ᠦᠷ᠎ᠡ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠵᠣᠭᠤᠰ ᠤᠬᠢᠶᠠᠬᠤ ᠶᠢ ᠡᠰᠡᠷᠭᠦᠴᠡᠬᠦ ᠠᠵᠢᠯ ᠤᠨ ᠨᠡᠶᠢᠭᠡᠮ ᠨᠡᠶᠢᠲᠡ ᠶᠢ ᠨᠥᠯᠥᠭᠡᠯᠡᠬᠦ ᠬᠦᠴᠦᠨ ᠢ | ᠥᠷᠭᠡᠳᠬᠡᠨ᠂ ᠨᠡᠶᠢᠭᠡᠮ ᠨᠡᠶᠢᠲᠡ ᠶᠢᠨ ᠵᠣᠭᠤᠰ ᠤᠬᠢᠶᠠᠬᠤ ᠶᠢ ᠡᠰᠡᠷᠭᠦᠴᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ | ᠬᠠᠷᠢᠶ᠎ᠠ ᠣᠷᠣᠨ ᠤ ᠵᠣᠭᠤᠰ ᠤᠬᠢᠶᠠᠬᠤ ᠶᠢ ᠡᠰᠡᠷᠭᠦᠴᠡᠬᠦ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠭᠰᠠᠨ ᠪᠠᠶᠢᠨ᠎ᠠ᠃ |