9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ︽ᠰᠢᠨ᠎ᠡ | ᠴᠠᠭ ᠦᠶ᠎ᠡ ᠵᠢᠭᠠᠨ ᠰᠤᠷᠭᠠᠬᠤ ᠪᠦᠯᠬᠦᠮ︾ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠡᠷ ᠲᠤ ᠬᠦᠷᠴᠤ᠂ | ᠠᠬᠠᠮᠠᠳ ᠨᠠᠮ ᠤᠨ ᠭᠡᠰᠢᠭᠦᠨ ᠪᠠ ᠡᠬᠡᠯ ᠠᠷᠠᠳ ᠤᠨ ᠳᠡᠷᠭᠡᠳᠡ ᠬᠦᠷᠴᠤ ᠨᠠᠮ ᠤᠨ ᠲᠦᠷᠦ ᠶᠢᠨ ᠪᠤᠳᠤᠯᠭ᠎ᠠ ᠶᠢ | ᠤᠬᠠᠭᠤᠯᠤᠨ ᠂ ᠰᠠᠭᠤᠭᠠᠯᠢ ᠠᠷᠠᠳ ᠳᠤ ᠨᠠᠮ ᠤᠨ ᠲᠤᠬᠠᠶ ᠲᠠᠨᠢᠯᠲᠠ ᠶᠢ ᠴᠢᠩᠭᠠᠳᠬᠠᠬᠤ ᠪᠠ ᠡᠯ᠎ᠡ ᠵᠦᠢᠯ ᠤᠨ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠶᠠᠷᠢᠵᠤ ᠦᠭᠪᠡ᠃ | ᠳ᠋ᠦᠩ ᠹᠧᠩ ᠵᠠᠮ ᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ | ᠭᠤᠸᠠᠩ ᠬᠤᠸᠠ ᠵᠡᠭᠡᠯᠢ ᠶᠢᠨ ᠬᠤᠸᠠᠩ ᠶᠢᠩ ᠵᠢᠧ ᠶᠢᠨ ᠳᠤ ᠬᠦᠷᠴᠤ ᠂ ︽ᠰᠢᠨ᠎ᠡ ᠴᠠᠭ ᠦᠶ᠎ᠡ ᠵᠢᠭᠠᠨ | ᠰᠤᠷᠭᠠᠬᠤ ᠪᠦᠯᠬᠦᠮ︾ ᠤᠨ ᠵᠢᠶᠠ ᠮᠢᠨ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠰᠤᠷᠲᠠᠯ | ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠶᠠᠷᠢᠵᠤ ᠦᠭᠭᠦᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠬᠤᠯᠪᠣᠭᠳᠠᠯ | ᠪᠦᠬᠦᠢ ᠨᠣᠮ ᠪᠢᠴᠢᠭ ᠶᠢ ᠬᠦᠷᠭᠡᠵᠦ᠂ ᠨᠠᠰᠤᠲᠠᠳ ᠳᠤ ᠦᠵᠡᠯ ᠤᠬᠠᠮᠰᠠᠷ ᠤᠨ ᠵᠣᠭᠰᠣᠯᠲᠠ᠂ ᠡᠪ ᠬᠠᠮᠲᠤ ᠶᠢᠨ | ᠬᠦᠰᠡᠯᠡᠩ ᠢᠲᠡᠭᠡᠯ ᠵᠣᠷᠢᠭ ᠪᠠᠨ ᠶᠠᠮᠠᠷᠪᠠ ᠦᠶ᠎ᠡ ᠳᠤ ᠭᠡᠳ ᠰᠠᠶᠢᠲᠤᠷ ᠰᠠᠬᠢᠵᠤ ᠂ ᠠᠬᠠᠮᠠᠳ ᠨᠠᠮ ᠤᠨ ᠭᠡᠰᠢᠭᠦᠨ | ᠲᠠᠢ ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ | ᠰᠠᠶᠢᠲᠤᠷ ᠤᠬᠠᠭᠤᠯᠵᠤ᠂ ᠪᠦᠬᠦ ᠬᠦᠴᠦᠨ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠬᠦᠷᠢᠶᠡᠯᠡᠵᠦ ᠳᠡᠮᠵᠢᠬᠦ ᠪᠠᠷᠢᠮᠲᠠᠯᠠᠬᠤ ᠶᠠᠪᠤᠳᠠᠯ ᠢ ᠶᠠᠷᠢᠯᠴᠠᠯ᠎ᠠ᠃ | | | | | ᠴᠢᠩᠭᠢᠰ ᠬᠠᠭᠠᠨ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠨ ᠪᠦ ᠱᠤ᠋ ᠭᠠᠴᠠᠭᠠᠨ ᠤ | ᠠᠷᠠᠳ ᠼᠤᠤ ᠶᠢᠨ ᠬᠠᠢ ᠶᠢᠨ ᠭᠡᠷ ᠲᠤ ᠬᠦᠷᠬᠦ ᠳᠤ ᠰᠤᠷᠠᠭ ᠢᠶᠠᠷ ᠢᠷᠡᠭᠰᠡᠨ ᠬᠥᠷᠰᠢ ᠠᠶᠢᠯ ᠤᠨ ᠬᠢᠨᠢ ᠬᠥᠮᠦᠰ ᠲᠠᠢ | ᠬᠠᠮᠲᠤ ᠰᠠᠭᠤᠯᠴᠠᠵᠤ᠂ ︽ᠰᠢᠨ᠎ᠡ ᠴᠠᠭ ᠦᠶ᠎ᠡ ᠵᠢᠭᠠᠨ ᠰᠤᠷᠭᠠᠬᠤ ᠪᠦᠯᠬᠦᠮ︾ ᠤᠨ ᠪᠦᠷᠢᠯᠳᠦᠭᠦᠨ ᠭᠡᠰᠢᠭᠦᠨ ᠵᠠᠩ | ᠶᠤᠸᠠᠢ ᠫᠢᠩ ᠠᠴᠠ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ | ᠪᠣᠳᠣᠯᠭ᠎ᠠ ᠳᠤ ᠲᠠᠶᠢᠯᠤᠮᠵᠢ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠪᠣᠯᠤᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠨᠥᠬᠦᠪᠥᠷᠢ ᠮᠦᠩᠭᠦ᠂ ᠨᠠᠰᠤᠵᠢᠯ ᠤᠨ ᠮᠥᠩᠭᠦ ᠠᠪᠬᠤ ᠵᠡᠷᠭᠡ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠶᠠᠷᠢᠯᠴᠠᠵᠤ᠂ ᠡᠳᠡᠭᠡᠷ ᠵᠢᠯ ᠤᠳ ᠲᠤ ᠰᠠᠶᠢᠨ | ᠲᠥᠷᠥ ᠶᠢᠨ ᠪᠣᠳᠣᠯᠭ᠎ᠠ ᠦᠢᠯᠡᠳᠪᠦᠷᠢᠯᠡᠯ ᠠᠮᠢᠳᠤᠷᠠᠯ ᠳᠤ ᠰᠢᠨ᠎ᠡ ᠬᠤᠪᠢᠷᠠᠯᠲᠠ ᠭᠠᠷᠦᠭ᠌ᠰᠠᠨ ᠢ ᠣᠯᠠᠨ ᠲᠦᠮᠡᠨ ᠪᠠᠲᠤ | ᠴᠡᠭᠡᠵᠢᠯᠡᠵᠦ᠂ ᠨᠠᠮ ᠤᠨ ᠵᠥᠪ ᠣᠨᠣᠪᠴᠢᠲᠠᠶ ᠤᠳᠤᠷᠢᠳᠤᠯᠭ᠎ᠠ ᠳᠣᠣᠷᠠᠬᠢ ᠵᠣᠯ ᠵᠢᠷᠭᠠᠯᠲᠤ ᠠᠮᠢᠳᠤᠷᠠᠯ ᠢᠶᠠᠨ | ᠨᠠᠨᠳᠠᠩᠨᠠᠵᠤ ᠂ ᠠᠷᠠᠳ ᠢᠷᠭᠡᠨ ᠤ ᠡᠭᠦᠷᠭᠡ ᠪᠠᠨ ᠭᠦᠢᠴᠡᠳᠭᠡᠵᠤ᠂ ᠭᠠᠴᠠᠭᠠᠨ ᠤ ᠤᠳᠤᠷᠢᠳᠬᠤ ᠪᠠᠭ | ᠪᠡᠨᠰᠠᠶᠢᠲᠤᠷ ᠰᠣᠩᠭᠤᠵᠤ᠂ ᠰᠠᠬᠢᠨ ᠪᠠᠷᠠᠯᠠᠵᠥ ᠬᠠᠷᠢᠯᠴᠠᠨ ᠬᠠᠪᠰᠤᠷᠠᠯᠴᠠᠨ ᠂ ᠬᠠᠮᠲᠤ ᠪᠠᠷ ᠵᠣᠯ ᠵᠢᠷᠭᠠᠯᠲᠤ | ᠠᠮᠢᠳᠤᠷᠠᠯ ᠢᠶᠠᠨ ᠴᠣᠭᠴᠠᠯᠠᠬᠤ ᠪᠠᠷ ᠴᠢᠷᠮᠠᠶᠢᠵᠠᠭᠠᠶ᠎ᠠ ᠭᠡᠵᠦ ᠶᠠᠷᠢᠯᠴᠠᠯ᠎ᠠ ᠃ | ᠡᠨᠡ ᠵᠢᠯ ᠠᠴᠠ ᠨᠠᠰᠢ᠂ ᠰᠢᠨ᠎ᠡ ᠬᠤᠲᠠ ᠲᠣᠭᠤᠷᠢᠭ ᠤᠨ ᠵᠣᠬᠢᠶᠠᠨ ᠪᠠᠶᠢᠭᠤᠯᠤᠭᠰᠠᠨ ︽ᠰᠢᠨ᠎ᠡ ᠴᠠᠭ | ᠦᠶ᠎ᠡ ᠶᠢᠨ ᠵᠢᠭᠠᠨ ᠰᠤᠷᠭᠠᠬᠤ ᠪᠦᠯᠬᠦᠮ︾ ᠲᠠᠯ᠎ᠠ ᠨᠣᠲᠤᠭ ᠤᠨ ᠬᠥᠩᠭᠡᠨ ᠮᠣᠷᠢᠲᠤ ᠴᠡᠷᠢᠭ ᠪᠠᠶᠢᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ︽ᠲᠤᠯᠤᠭ᠎ᠠ ᠶᠢ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ ᠂ ᠠᠵᠤ | ᠠᠬᠤᠶᠢᠯᠠᠯ ᠠᠴᠠ ᠨᠡᠶᠢᠭᠡᠮ ᠲᠣᠭᠤᠷᠢᠭ᠂ ᠭᠡᠷ ᠣᠷᠣᠨ ᠬᠦᠷᠲᠡᠯ᠎ᠡ ᠵᠢᠭᠠᠨ ᠰᠤᠷᠭᠠᠬᠤ ᠪᠦᠯᠬᠦᠮ ᠤᠨ ᠪᠦᠷᠢᠯᠳᠦᠬᠦᠨ | ᠬᠠᠮᠢᠶ᠎ᠠ ᠶᠠᠪᠤᠭᠰᠠᠨ ᠴᠤ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ᠂ ᠨᠠᠮ ᠤᠨ ᠬᠠᠶᠢᠷ᠎ᠠ ᠬᠠᠯᠠᠮᠵᠢ ᠶᠢ | ᠬᠦᠷᠭᠡᠵᠦ ᠂ ᠨᠠᠮ ᠤᠨ ᠤᠬᠠᠭᠤᠯᠭ᠎ᠠ ᠶᠢᠨ ᠠᠵᠢᠯ ᠢ ᠤᠯᠠᠨ ᠲᠦᠮᠡᠨ ᠳᠤ ᠤᠯᠠᠮ ᠤᠢᠢᠷᠠᠳᠤᠭᠤᠯᠵᠥ᠂ ᠠᠷᠠᠳ ᠤᠨ | ᠰᠡᠳᠬᠢᠯ ᠢ ᠣᠶᠢᠯᠠᠭᠠᠵᠤ᠂ ᠪᠦᠯᠬᠦᠮᠳᠡᠨ ᠲᠡᠮᠡᠴᠡᠬᠦ ᠢᠳᠡᠪᠬᠢ ᠬᠦᠴᠦᠨ ᠢ ᠨᠢᠭᠳᠠᠷᠠᠭᠤᠯᠤᠭᠰᠠᠨ ᠪᠠᠶᠢᠨ᠎ᠠ᠃ |