ᠬᠤᠷᠢᠨᠭᠡᠷ ᠰᠢᠶᠠᠨ ᠲᠦᠷᠪᠡᠨ ᠵᠦᠢᠯ ᠤᠨ ᠠᠷᠭ᠎ᠠ ᠬᠡᠮᠵᠢᠶ᠎ᠡ ᠪᠠᠷ ︽ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ︾ ᠤᠨ ᠡᠳᠦᠷ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠣᠷ ᠬᠢᠬᠦ ᠪᠠᠷ ᠪᠣᠢ
ᠨᠡᠶᠢᠲᠡᠯᠡᠭᠰᠡᠨ ᠴᠠᠭ᠄
2018-09-19
     ︽ᠨᠠᠢᠮᠠᠨ ᠰᠠᠷ᠎ᠠ ᠶᠢᠨ ᠲᠡᠷᠭᠡᠯ ᠪᠠᠶᠠᠷ  ᠂ ᠤᠯᠤᠰ ᠤᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠥᠷᠭᠡᠨ ᠣᠯᠠᠨ ᠬᠡᠷᠡᠭᠯᠡᠭᠴᠢᠳ ᠤᠨ ᠠᠮᠤᠷ ᠲᠦᠪᠰᠢᠨ ᠮᠦᠷᠲᠡᠭᠡᠨ ᠴᠢᠨᠠᠷ ᠰᠠᠶᠢᠲᠠᠢ ᠨᠠᠢᠮᠠᠨ ᠰᠠᠷ᠎ᠠ ᠶᠢᠨ ᠠᠷᠪᠠᠨ ᠲᠠᠪᠤᠨ ᠤ ᠶᠧᠪᠡᠩ ᠪᠣᠯᠤᠨ ᠪᠤᠰᠤᠳ ᠢᠳᠡᠭᠡᠨ᠂ ᠪᠡᠯᠡᠭ ᠤᠨ ᠵᠦᠢᠯ ᠬᠤᠳᠠᠯᠳᠣᠨ ᠠᠪᠬᠤ ᠶᠢ ᠪᠠᠲᠣᠯᠠᠬᠤ ᠶᠢᠨ ᠲᠣᠰᠠᠳᠠ᠂ ᠬᠤᠷᠢᠨᠭᠡᠷ ᠰᠢᠶᠠᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠬᠠᠷᠢᠶ᠎ᠠ ᠣᠷᠣᠨ ᠤ ᠪᠠᠨ ᠳᠣᠲᠣᠷ᠎ᠠ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠶᠡᠭᠡ ᠪᠠᠶᠢᠴᠠᠭᠠᠯᠲᠠ ᠥᠷᠨᠢᠭᠦᠯᠬᠦ ᠪᠠᠷ ᠪᠣᠢ᠃      ᠨᠢᠭᠡ ᠳᠤ᠂ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠲᠣᠭᠤᠷᠢᠨ ᠳᠤ᠂ ᠢᠳᠡᠭᠡᠨ ᠤ ᠵᠠᠬ᠎ᠠ ᠳᠡᠯᠭᠡᠭᠦᠷ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯᠯᠠᠭ᠎ᠠ ᠥᠷᠨᠢᠭᠦᠯᠦᠨ᠎ᠡ᠃ ᠠᠮᠤ᠂ ᠲᠣᠰᠣ᠂ ᠮᠢᠬ᠎ᠠ᠂ ᠨᠣᠭᠤᠭ᠎ᠠ᠂ ᠵᠢᠭᠦᠷᠲᠡᠨ ᠤ ᠥᠨᠳᠡᠭᠡ᠂ ᠬᠤᠯᠢᠰᠢᠨ ᠢᠳᠡᠭᠡᠨ ᠵᠡᠷᠭᠡ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭᠳᠠᠬᠤ ᠠᠮᠢᠳᠤᠷᠠᠯ ᠤᠨ ᠦᠨᠳᠦᠰᠦᠨ ᠬᠡᠷᠡᠭᠯᠡᠭᠡᠨ ᠤ ᠵᠦᠢᠯᠡᠰ ᠢ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠳᠡᠯᠭᠡᠭᠦᠷ ᠢᠶᠠᠷ ᠭᠤᠣᠯᠳᠠᠯᠭ᠎ᠠ ᠲᠠᠢ ᠭᠠᠵᠠᠷ ᠪᠣᠯᠭᠠᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠤᠷᠢᠳ ᠬᠤᠵᠢᠳ ᠢᠶᠠᠷ ᠭᠤᠣᠯᠳᠠᠯᠭ᠎ᠠ ᠲᠠᠢ ᠴᠠᠭ ᠪᠣᠯᠭᠠᠵᠤ᠂ ᠬᠠᠤᠯᠢ ᠬᠡᠷᠡᠭᠵᠢᠭᠦᠯᠬᠦ ᠲᠤᠰᠬᠠᠶ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠵᠦ᠂ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ᠂ ᠬᠡᠮᠵᠢᠶ᠎ᠡ ᠶᠢ ᠨᠢ ᠳᠤᠲᠠᠭᠤᠯᠬᠤ ᠵᠡᠷᠭᠡ ᠵᠦᠢ ᠪᠤᠰᠤ ᠪᠣᠷᠣᠯᠠᠭᠤᠯᠬᠤ ᠠᠵᠢᠯᠯᠠᠭ᠎ᠠ ᠶᠢ ᠬᠦᠴᠦᠯᠡᠨ ᠪᠠᠶᠢᠴᠠᠭᠠᠵᠣ᠂ ︽ᠬᠡᠲᠦ ᠳᠡᠯᠭᠡᠭᠦᠷ ᠠᠴᠠ ᠲᠣᠬᠢᠷᠠᠭᠤᠯᠤᠨ ᠬᠦᠷᠭᠡᠬᠦ︾᠂ ︽ᠦᠢᠯᠡᠳᠪᠦᠷᠢᠯᠡᠭᠴᠢ ᠰᠢᠭᠤᠳ ᠪᠣᠷᠣᠯᠠᠭᠤᠯᠵᠣ ᠪᠠᠶᠢᠭ᠎ᠠ︾ ᠵᠡᠷᠭᠡ ᠨᠡᠷ᠎ᠡ ᠪᠠᠷ ᠬᠠᠷᠢᠶ᠎ᠠ ᠣᠷᠣᠨ ᠳᠤ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠭᠦᠨ᠎ᠡ᠃      ᠬᠤᠶᠠᠷ ᠲᠤ᠂ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠬᠢᠨᠠᠯᠲᠠ ᠬᠠᠮᠢᠶᠠᠷᠤᠯᠲᠠ ᠶᠢᠨ ᠬᠦᠴᠦᠨ ᠢ  ᠴᠢᠩᠭᠠᠷᠠᠭᠤᠯᠣᠨ᠎ᠠ᠃ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠳᠦᠷᠦᠯ ᠤᠨ ᠵᠢᠵᠢᠭ ᠦᠢᠯᠡᠳᠬᠡᠯ ᠤᠨ ᠭᠠᠵᠠᠷ᠂ ᠬᠡᠳᠦ ᠳᠡᠯᠭᠡᠭᠦᠷ ᠬᠢᠭᠡᠳ ᠡᠯ᠎ᠡ ᠲᠥᠷᠥᠯ ᠤᠨ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠶᠢ ᠴᠡᠭᠴᠡᠯᠡᠯᠲᠡ ᠬᠢᠬᠦ ᠭᠤᠣᠯᠳᠠᠯᠭ᠎ᠠ ᠪᠠᠨ ᠪᠣᠯᠭᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠬᠤ ᠤᠳᠠᠭ᠎ᠠ ᠲᠤᠭ᠎ᠠ ᠪᠠᠨ ᠨᠡᠮᠡᠭᠳᠡᠭᠦᠯᠵᠦ᠂ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠠᠶᠤᠯᠭᠦᠢ ᠶᠢᠨ ᠳᠠᠯᠳᠠ ᠭᠡᠮ ᠢ ᠪᠦᠬᠦ ᠬᠦᠴᠦᠨ ᠢᠶᠠᠷ ᠢᠶᠠᠨ  ᠪᠠᠶᠢᠴᠠᠭᠠᠨ᠎ᠠ᠃      ᠭᠤᠷᠪᠠ ᠳᠤ᠂ ᠭᠤᠣᠯᠳᠠᠯᠭ᠎ᠠ ᠲᠠᠢ ᠡᠲᠡᠭᠡᠳ ᠢ ᠳᠣᠪᠣᠶᠢᠯᠭᠠᠵᠣ᠂ ᠳᠦᠷᠢᠮ ᠢ ᠨᠠᠶᠢᠳᠠᠪᠤᠷᠢᠵᠢᠭᠤᠯᠵᠤ ᠳᠦᠷᠢᠮᠵᠢᠯ ᠢ  ᠠᠳᠬᠤᠨ᠎ᠠ᠃  ︽ᠵᠢᠷᠭᠤᠭᠠᠨ ᠪᠠᠶᠢᠴᠠᠭᠠᠬᠤ ᠵᠢᠷᠭᠤᠭᠠᠨ ᠦᠵᠡᠬᠦ︾ ᠱᠠᠭᠠᠷᠳᠠᠯᠭ᠎ᠠ ᠶᠣᠰᠣᠭᠠᠷ᠂  ᠬᠠᠷᠢᠶ᠎ᠠ ᠣᠷᠣᠨ ᠤ ᠵᠢᠵᠢᠭ  ᠦᠢᠯᠡᠳᠬᠡᠯ ᠤᠨ ᠭᠠᠵᠠᠷ᠂ ᠬᠡᠳᠦ ᠳᠡᠯᠭᠡᠭᠦᠷ᠂ ᠢᠳᠡᠭᠡᠨ ᠤ ᠪᠥᠭᠡᠮ ᠢᠶᠠᠷ ᠡᠵᠡᠩᠨᠡᠨ ᠪᠣᠷᠣᠯᠠᠭᠤᠯᠬᠤ ᠡᠷᠦᠬᠡ ᠵᠢᠴᠢ ᠨᠡᠯᠢᠶᠡᠳ ᠶᠡᠭᠡ ᠬᠤᠪᠢ ᠶᠢᠨ ᠢᠳᠡᠰᠢᠨ ᠤ ᠳᠡᠯᠭᠡᠭᠦᠷ ᠢ ᠪᠦᠬᠦ ᠲᠠᠯ᠎ᠠ ᠪᠠᠷ ᠪᠠᠶᠢᠴᠠᠭᠠᠵᠤ ᠂ ᠢᠳᠡᠭᠡᠨ ᠤ ᠵᠦᠢᠯ ᠡᠵᠡᠩᠨᠡᠵᠦ ᠪᠠᠶᠢᠭ᠎ᠠ ᠡᠷᠦᠬᠡ ᠶᠢᠨ ᠥᠪᠡᠷ ᠢ ᠪᠠᠨ ᠱᠠᠭᠠᠷᠳᠠᠬᠤ ᠳᠦᠷᠢᠮ ᠪᠣᠯᠣᠨ ᠢᠳᠡᠭᠡᠨ ᠢ ᠳᠠᠩᠰᠠᠯᠠᠬᠤ ᠡᠬᠡ ᠳᠠᠩᠰᠠ ᠳᠠᠩᠰᠠᠯᠠᠭᠤᠯᠬᠤ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ᠂ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠰᠤᠷᠭᠠᠨ ᠬᠥᠮᠦᠵᠢᠯ ᠬᠢᠵᠦ᠂ ᠵᠠᠰᠠᠨ ᠴᠡᠭᠴᠡᠯᠡᠵᠦ᠂ ᠬᠡᠷᠡᠭᠯᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠨ᠎ᠠ᠃      ᠲᠦᠷᠪᠡ ᠳᠤ᠂ ᠭᠤᠣᠯᠳᠠᠯᠭ᠎ᠠ ᠲᠠᠢ ᠲᠠᠸᠠᠷ ᠢ ᠠᠳᠬᠤᠵᠤ᠂ ᠶᠠᠰᠤ ᠴᠢᠨᠠᠷ ᠤᠨ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠶᠧᠪᠡᠩ ᠵᠡᠷᠭᠡ ᠪᠠᠶᠠᠷ ᠳᠣᠷᠠᠰᠬᠠᠯ ᠤᠨ ᠡᠳᠦᠷ ᠤᠨ ᠢᠳᠡᠭᠡᠨ ᠵᠢᠴᠢ ᠬᠡᠷᠡᠭᠯᠡᠭᠴᠢᠳ ᠤᠨ ᠡᠳᠦᠷ ᠲᠤᠲᠤᠮ ᠤᠨ ᠠᠮᠢᠳᠤᠷᠠᠯ ᠳᠤ  ᠬᠤᠯᠪᠣᠭᠳᠠᠬᠤ ᠴᠠᠭᠠᠨ ᠢᠳᠡᠭᠡ᠂ ᠪᠣᠷᠴᠠᠭ ᠤᠨ ᠢᠳᠡᠭᠡᠨ ᠵᠡᠷᠭᠡ ᠶᠢ ᠭᠤᠤᠯᠳᠠᠯᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠲᠠᠢ ᠪᠠᠷ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠯᠲᠠ ᠬᠢᠬᠦ᠂ ᠴᠢᠨᠠᠷ ᠢ ᠪᠠᠲᠤᠯᠠᠬᠤ ᠬᠤᠭᠤᠴᠠᠭ᠎ᠠ ᠶᠢ ᠨᠢ ᠬᠢᠨᠠᠨ ᠪᠠᠶᠢᠴᠠᠭᠠᠵᠣ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠨᠢᠭᠲᠠᠴᠠ ᠪᠣᠯᠣᠨ ᠡᠷᠴᠢᠮ ᠢ ᠴᠢᠩᠭᠠᠷᠠᠭᠤᠯᠵᠤ᠂ ︽ᠭᠤᠷᠪᠠᠨ ᠦᠭᠡᠶ ᠦᠢᠯᠡᠳᠬᠦᠨ︾ ᠪᠣᠯᠣᠨ ᠬᠤᠭᠤᠴᠠᠭ᠎ᠠ ᠨᠢ ᠥᠩᠭᠡᠷᠡᠭᠰᠡᠨ ᠴᠢᠨᠠᠷ ᠬᠤᠪᠢᠷᠬᠠᠰᠠᠨ ᠢᠳᠡᠭᠡᠨ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠨ᠎ᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号