︽ᠬᠦᠬᠡᠬᠤᠲᠠ ᠶᠢᠨ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠬᠦ ᠶᠢ ᠪᠠᠲᠣᠯᠠᠬᠤ ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ︾ ᠶᠢ ᠳᠠᠷᠣᠮᠠᠯᠯᠠᠨ ᠶᠠᠪᠣᠭᠤᠯᠬᠤ ᠲᠣᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-09-19
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈12 ᠳ᠋ᠤᠭᠠᠷ ᠲᠤᠭᠠᠲᠤ                                                           ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠣ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠬᠠᠮᠢᠶ᠎ᠠ ᠪᠦᠬᠦᠢ ᠠᠵᠣ ᠠᠬᠤᠶᠢᠯᠠᠯ᠂ ᠠᠵᠢᠯ ᠦᠢᠯᠡᠰ ᠤᠨ ᠨᠢᠭᠡᠴᠡ᠄      ︽ᠬᠦᠬᠡᠬᠤᠲᠠ ᠶᠢᠨ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠬᠦ ᠶᠢ ᠪᠠᠲᠣᠯᠠᠬᠤ ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂  ᠡᠳᠦᠭᠡ ᠲᠠᠨᠠᠷ ᠲᠤ ᠳᠠᠷᠣᠮᠠᠯᠯᠠᠨ ᠶᠠᠪᠣᠭᠤᠯᠣᠯ᠎ᠠ᠂ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ ᠬᠡᠷᠡᠭᠵᠢᠭᠦᠯᠲᠦᠭᠡᠢ᠃                ᠬᠦᠬᠡᠬᠤᠲᠠ ᠶᠢᠨ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ        ᠥᠭᠬᠦ ᠶᠢ ᠪᠠᠲᠣᠯᠠᠬᠤ ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ            ᠨᠢᠭᠡᠳᠦᠭᠡᠷ ᠵᠦᠢᠯ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠷᠢᠳᠦᠵᠦ ᠣᠳᠠᠭᠠᠰᠢᠷᠠᠭᠤᠯᠣᠭᠰᠠᠨ ᠠᠰᠠᠭᠤᠳᠠᠯ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠵᠦ᠂ ᠬᠦᠴᠦ ᠶᠠᠪᠣᠭᠴᠢ ᠮᠠᠯᠴᠢᠨ ᠲᠠᠷᠢᠶᠠᠴᠢᠨ ᠤ ᠬᠦᠳᠡᠯᠮᠦᠷᠢ ᠶᠢᠨ ᠬᠦᠯᠦᠰᠦ ᠣᠯᠭᠤᠮᠵᠢ ᠶᠢᠨ ᠡᠷᠬᠡ ᠠᠰᠢᠭ ᠢ ᠦᠨᠡᠨᠬᠦ ᠪᠠᠲᠣᠯᠠᠵᠣ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠠᠬᠢᠭᠤᠯᠬᠤ ᠶᠢᠨ ᠲᠣᠰᠠᠳᠠ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠬᠦ ᠶᠢ ᠪᠠᠲᠣᠯᠠᠬᠤ ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ ﹀ ᠶᠢ ᠳᠠᠷᠣᠮᠯᠠᠨ ᠶᠠᠪᠣᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 9 ᠳ᠋ᠦ᠋ᠭᠡᠷ ᠲᠣᠭᠠᠲᠣ︶ ᠪᠣᠯᠣᠨ ᠥᠪᠡᠷᠲᠡᠭᠡᠨ ᠵᠠᠰᠠᠬᠤ ᠣᠷᠣᠨ᠂ ᠬᠦᠬᠡᠬᠤᠲᠠ ᠬᠤᠶᠠᠷ ᠱᠠᠲᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠲᠣᠰ ᠠᠷᠭ᠎ᠠ ᠶᠢ ᠲᠣᠭᠲᠠᠭᠠᠪᠠ᠃      ᠬᠤᠶᠠᠳᠣᠭᠠᠷ ᠵᠦᠢᠯ ᠲᠣᠰ ᠠᠷᠭ᠎ᠠ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠬᠡᠬᠡᠯᠳᠡ ᠶᠢᠨ ᠲᠣᠭᠤᠷᠢᠭ ︵ᠳᠣᠷᠣᠭᠰᠢ ᠨᠡᠭᠡᠭᠡᠯᠲᠡ ᠶᠢᠨ ᠲᠣᠭᠤᠷᠢᠭ ᠭᠡᠵᠦ ᠳᠥᠭᠦᠮᠴᠢᠯᠡᠨ᠎ᠡ︶ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠭ᠎ᠠ ᠨᠢᠭᠡᠴᠡ ᠶᠢᠨ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠶᠢ ᠪᠠᠲᠤᠯᠠᠬᠤ ᠠᠵᠢᠯ ᠤᠨ  ᠣᠨ ᠤ ᠬᠢᠨᠠᠨ ᠰᠢᠯᠭᠠᠯᠲᠠ ᠳᠤ ᠲᠣᠬᠢᠷᠠᠨ᠎ᠠ᠃      ᠭᠤᠷᠪᠠᠳᠣᠭᠠᠷ ᠵᠦᠢᠯ ᠬᠢᠨᠠᠨ ᠰᠢᠯᠭᠠᠬᠤ ᠠᠵᠢᠯ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠳᠣᠣᠷ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠨ ᠠᠮᠵᠢᠯᠲᠠ ᠪᠦᠲᠦᠮᠵᠢ ᠶᠢᠨ ᠬᠠᠷᠠᠯᠲᠠᠲᠣ ᠬᠢᠨᠠᠨ ᠰᠢᠯᠭᠠᠬᠤ ᠳᠣᠭᠤᠶᠢᠯᠠᠩ ᠠᠴᠠ ᠬᠡᠷᠡᠭᠵᠢᠭᠦᠯᠦᠨ᠎ᠡ᠃ ᠬᠢᠨᠠᠨ ᠰᠢᠯᠭᠠᠬᠤ ᠠᠵᠢᠯ ᠢ 2018 ᠣᠨ ᠠᠴᠠ2020 ᠣᠨ ᠪᠣᠯᠲᠠᠯ᠎ᠠ ᠵᠢᠯ ᠪᠦᠷᠢ ᠨᠢᠭᠡ ᠤᠳᠠᠭ᠎ᠠ ᠥᠷᠨᠢᠭᠦᠯᠦᠨ᠎ᠡ᠃      ᠳᠦᠷᠪᠡᠳᠦᠭᠡᠷ ᠵᠦᠢᠯ ᠬᠢᠨᠠᠨ ᠰᠢᠯᠭᠠᠬᠤ ᠠᠵᠢᠯ ᠬᠠᠷᠠᠯᠲᠠ ᠪᠠᠷ ᠣᠳᠣᠷᠢᠳᠣᠮᠵᠢ ᠪᠣᠯᠭᠠᠬᠤ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠪᠣᠯᠣᠨ ᠦᠷ᠎ᠡ ᠳ᠋ᠦᠩ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠣ᠂ ᠪᠣᠰᠣᠳᠴᠢ ᠲᠥᠪ ᠭᠤᠣᠯᠴᠢ ᠵᠠᠷᠴᠢᠮ ᠢ ᠵᠢᠷᠣᠮᠯᠠᠵᠣ᠂ ᠭᠤᠣᠯᠳᠠᠯᠭ᠎ᠠ ᠶᠢ ᠳᠣᠪᠣᠶᠢᠯᠭᠠᠨ᠂ ᠪᠣᠳᠠᠲᠣ ᠦᠢᠯᠡᠳᠦᠯ ᠢ ᠴᠢᠬᠤᠯᠠᠴᠢᠯᠠᠨ᠎ᠠ᠃      ᠲᠠᠪᠣᠳᠣᠭᠠᠷ ᠵᠦᠢᠯ ᠬᠢᠨᠠᠨ ᠰᠢᠯᠭᠠᠬᠤ ᠠᠭᠤᠯᠭ᠎ᠠ ᠳᠤ ᠪᠠᠭᠲᠠᠬᠤ ᠨᠢ᠄ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠬᠦ ᠶᠢ ᠪᠠᠲᠤᠯᠠᠬᠤ ᠠᠵᠢᠯ ᠤᠨ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠂ ᠵᠠᠰᠠᠭ ᠵᠠᠬᠢᠷᠭᠠᠨ ᠤ ᠬᠢᠨᠠᠯᠲᠠ  ᠬᠠᠮᠢᠶᠠᠷᠣᠯᠲᠠ ᠶᠢᠨ ᠬᠠᠷᠢᠭᠤᠴᠠᠯᠭ᠎ᠠ ᠪᠣᠯᠣᠨ ᠠᠵᠣ ᠠᠬᠤᠶᠢᠯᠠᠯ ᠤᠨ ᠴᠠᠯᠢᠩ ᠣᠯᠭᠤᠮᠵᠢ ᠶᠢ ᠥᠭᠬᠦ ᠬᠠᠷᠢᠭᠤᠴᠠᠯᠭ᠎ᠠ᠂ ᠴᠠᠯᠢᠩ ᠣᠯᠭᠤᠮᠵᠢ ᠥᠭᠬᠦ ᠶᠢ ᠪᠠᠲᠣᠯᠠᠬᠤ ᠲᠣᠭᠲᠠᠭᠠᠯ᠂ ᠡᠷᠬᠡ ᠠᠰᠢᠭ ᠢ ᠬᠠᠮᠠᠭᠠᠯᠠᠬᠤ ᠲᠣᠭᠲᠠᠴᠠ᠂ ᠡᠬᠢ ᠠᠴᠠ ᠨᠢ ᠵᠠᠰᠠᠬᠤ ᠠᠷᠭ᠎ᠠ ᠠᠪᠴᠠᠯ᠂ ᠴᠠᠯᠢᠩ ᠣᠯᠭᠤᠮᠵᠢ ᠥᠭᠬᠦ ᠶᠢ ᠵᠠᠰᠠᠨ ᠴᠡᠭᠴᠡᠯᠡᠬᠦ ᠠᠷᠭ᠎ᠠ ᠵᠠᠮ᠂ ᠬᠠᠣᠯᠢ ᠬᠡᠷᠡᠭᠵᠢᠭᠦᠯᠦᠯᠲᠡ ᠶᠢᠨ ᠪᠠᠲᠣᠯᠠᠭ᠎ᠠ ᠶᠢᠨ ᠰᠢᠰᠲ᠋ᠧᠮ᠂ ᠬᠠᠣᠯᠢ ᠲᠦᠭᠡᠮᠡᠯᠵᠢᠭᠦᠯᠬᠦ ᠣᠬᠠᠭᠤᠯᠭ᠎ᠠ ᠪᠣᠯᠣᠨ ᠶᠠᠷᠢᠶ᠎ᠠ ᠬᠡᠯᠡᠯᠴᠡᠭᠡᠨ ᠤ ᠣᠳᠣᠷᠢᠳᠣᠮᠵᠢ᠂ ᠣᠨᠴᠠᠭᠠᠶᠢᠯᠠᠨ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠲᠦᠷᠥᠯ ᠵᠦᠢᠯ᠂ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠬᠦᠷᠢᠶ᠎ᠡ ᠴᠠᠷᠠᠭᠠᠨ ᠳᠠᠬᠢ ᠴᠠᠯᠢᠩ ᠦᠷᠢᠲᠦᠬᠦ ᠶᠢ ᠵᠠᠰᠠᠵᠣ ᠴᠠᠯᠢᠩ ᠣᠯᠭᠤᠮᠵᠢ ᠥᠭᠬᠦ ᠶᠢ ᠪᠠᠲᠣᠯᠠᠬᠤ ᠠᠵᠢᠯ ᠤᠨ ᠦᠷ᠎ᠡ ᠪᠦᠲᠦᠮᠵᠢ ᠶᠢᠨ ᠪᠠᠶᠢᠳᠠᠯ ᠵᠡᠷᠭᠡ᠃      ᠵᠢᠷᠭᠤᠳᠣᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠶᠢ ᠪᠠᠲᠤᠯᠠᠬᠤ ᠠᠵᠢᠯ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠣ᠂  ᠣᠨ ᠤ ᠬᠢᠨᠠᠨ ᠰᠢᠯᠭᠠᠬᠤ ᠲᠥᠰᠥᠯ ᠵᠢᠴᠢ ᠨᠠᠷᠢᠨ ᠳᠦᠷᠢᠮ ᠢ ᠲᠣᠭᠲᠠᠭᠠᠵᠣ᠂ ᠪᠣᠳᠠᠲᠠᠢ ᠬᠢᠨᠠᠨ ᠰᠢᠯᠭᠠᠬᠤ ᠭᠦᠢᠴᠡᠳᠬᠡᠯ ᠲᠤᠭ᠎ᠠ ᠵᠢᠴᠢ ᠨᠣᠭᠳᠠᠬᠤ ᠬᠤᠪᠢ ᠶᠢ ᠲᠣᠳᠣᠷᠬᠠᠶᠢᠯᠠᠨ᠎ᠠ᠃      ᠳᠣᠯᠣᠳᠣᠭᠠᠷ ᠵᠦᠢᠯ ᠬᠢᠨᠠᠨ ᠰᠢᠯᠭᠠᠬᠤ ᠠᠵᠢᠯ ᠨᠢ ᠬᠢᠨᠠᠨ ᠰᠢᠯᠭᠠᠬᠤ ᠣᠨ ᠤ ᠵᠢᠯ ᠤᠨ ᠡᠴᠦᠰ ᠠᠴᠠ ᠡᠬᠢᠯᠡᠵᠦ᠂ ᠳᠠᠷᠠᠭ᠎ᠠ ᠵᠢᠯ ᠤᠨ ᠬᠢᠨᠢ 2 ᠳ᠋ᠤᠭᠠᠷ ᠰᠠᠷ᠎ᠠ ᠤᠨ ᠡᠴᠦᠰ ᠲᠤ ᠳᠠᠭᠤᠰᠣᠨ᠎ᠠ᠃ ᠳᠣᠣᠷᠠᠬᠢ ᠠᠯᠬᠤᠮ ᠳᠠᠷᠠᠭ᠎ᠠ ᠪᠠᠷ ᠶᠠᠪᠣᠭᠳᠠᠭᠤᠯᠣᠨ᠎ᠠ᠄      ︵ᠨᠢᠭᠡ︶ ᠡᠳᠦᠷ ᠳᠣᠲᠣᠮ ᠤᠨ ᠲᠣᠬᠢᠷᠠᠭᠤᠯᠣᠯᠲᠠ᠃ ᠬᠤᠣᠰ ᠰᠠᠷ᠎ᠠ ᠪᠦᠷᠢ ᠶᠢᠨ ᠡᠬᠢᠨ ᠳᠤ᠂ ᠬᠤᠲᠠ  ᠶᠢᠨ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠠᠵᠢᠯ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠣᠰ ᠠᠵᠢᠯ ᠲᠦᠷᠥᠯ ᠤᠨ ᠢᠶᠠᠨ ᠬᠢᠨᠠᠨ ᠰᠢᠯᠭᠠᠬᠤ ᠠᠭᠤᠯᠭ᠎ᠠ ᠶᠢᠨ ᠪᠠᠶᠢᠳᠠᠯ ᠳᠤ ᠲᠣᠬᠢᠷᠠᠭᠤᠯᠣᠯᠲᠠ ᠬᠢᠵᠦ᠂ ᠪᠠᠶᠢᠳᠠᠯ ᠢ ᠬᠤᠷᠢᠶᠠᠩᠭᠤᠶᠢᠯᠠᠨ᠂  ᠮᠡᠳᠡᠭᠡᠯᠡᠯ ᠨᠡᠶᠢᠲᠡᠯᠡᠨ᠂ ᠨᠠᠶᠢᠳᠠᠪᠣᠷᠢᠵᠢᠭᠤᠯᠣᠯᠲᠠ ᠶᠢ ᠲᠦᠯᠬᠢᠨ ᠠᠬᠢᠭᠤᠯᠵᠣ᠂ ᠣᠨ ᠤ ᠬᠢᠨᠠᠨ ᠰᠢᠯᠭᠠᠬᠤ ᠬᠤᠪᠢ ᠥᠭᠬᠦ ᠳᠤ ᠯᠠᠪᠯᠠᠯᠲᠠ ᠪᠣᠯᠭᠠᠨ᠎ᠠ᠃            ︵ᠬᠤᠶᠠᠷ︶ ᠥᠪᠡᠷ ᠢ ᠪᠠᠨ ᠬᠢᠨᠠᠨ ᠥᠪᠡᠷ ᠤᠨ ᠪᠠᠶᠢᠴᠠᠭᠠᠯᠲᠠ ᠬᠢᠨ᠎ᠡ᠃ ᠵᠢᠯ ᠪᠦᠷᠢ ᠶᠢᠨ2 ᠳ᠋ᠣᠭᠠᠷ ᠰᠠᠷ᠎ᠠ  ᠶᠢᠨ ᠳᠣᠮᠳᠠᠴᠢ ᠪᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ  ᠶᠢᠨ ᠲᠣᠭᠤᠷᠢᠭ ᠤᠨ ᠬᠠᠮᠢᠶᠠᠷᠣᠯᠲᠠ ᠤᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠨᠢᠭᠡᠴᠡ᠂ ᠬᠤᠲᠠ ᠶᠢᠨ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ ᠵᠢᠴᠢ ᠨᠠᠷᠢᠨ ᠳᠦᠷᠢᠮ ᠲᠠᠢ ᠬᠠᠷᠢᠴᠠᠭᠤᠯᠵᠣ᠂ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠨ ᠠᠵᠢᠯ ᠤᠨ ᠠᠮᠵᠢᠯᠲᠠ ᠪᠦᠲᠦᠮᠵᠢ  ᠶᠢᠨ ᠬᠠᠷᠠᠯᠲᠠᠲᠣ ᠬᠢᠨᠠᠨ ᠰᠢᠯᠭᠠᠬᠤ ᠳᠣᠭᠤᠶᠢᠯᠠᠩ ᠠᠴᠠ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠠᠵᠢᠯ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠣ᠂ ᠠᠵᠢᠯ ᠲᠦᠷᠥᠯ ᠢᠶᠠᠷ ᠬᠤᠪᠢᠶᠠᠨ᠂ ᠲᠣᠰ ᠱᠠᠲᠣ ᠪᠣᠯᠣᠨ ᠳᠣᠣᠷᠠᠳᠣ ᠱᠠᠲᠣᠨ ᠤ ᠪᠠᠨ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠠᠵᠢᠯ ᠤᠨ ᠠᠬᠢᠴᠠ ᠶᠢᠨ ᠪᠠᠶᠢᠳᠠᠯ ᠪᠣᠯᠣᠨ ᠦᠷ᠎ᠡ ᠪᠦᠲᠦᠮᠵᠢ ᠳᠤ ᠥᠪᠡᠷ ᠤᠨ ᠬᠢᠨᠠᠨ ᠪᠠᠶᠢᠴᠠᠭᠠᠯᠲᠠ ᠬᠢᠵᠦ᠂ ᠥᠪᠡᠷ ᠤᠨ ᠪᠠᠶᠢᠴᠠᠭᠠᠯᠲᠠ ᠶᠢᠨ ᠬᠢᠨᠠᠨ ᠰᠢᠯᠭᠠᠬᠤ ᠬᠦᠰᠦᠨᠦᠭᠲᠦ ᠲᠠᠭᠯᠠᠵᠣ᠂ ᠭᠡᠷᠡᠴᠢ ᠮᠠᠲ᠋ᠧᠷᠢᠶᠠᠯ ᠢ ᠴᠣᠭᠯᠠᠭᠤᠯᠣᠨ ᠡᠮᠬᠢᠳᠬᠡᠵᠦ᠂ ᠥᠪᠡᠷ ᠤᠨ ᠪᠠᠶᠢᠴᠠᠭᠠᠯᠲᠠ ᠶᠢᠨ ᠪᠠᠶᠢᠳᠠᠯ ᠢᠶᠠᠨ ᠬᠤᠷᠢᠶᠠᠩᠭᠤᠶᠢᠯᠠᠨ ᠳᠡᠭᠡᠭᠰᠢ ᠮᠡᠳᠡᠭᠦᠯᠦᠨ᠎ᠡ᠃      ︵ᠭᠤᠷᠪᠠ︶ ᠲᠣᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠨ᠎ᠠ᠃ ᠵᠢᠯ ᠪᠦᠷᠢ ᠶᠢᠨ2 ᠳ᠋ᠤᠭᠠᠷ ᠰᠠᠷ᠎ᠠ ᠶᠢᠨ ᠰᠡᠭᠦᠯᠴᠢ ᠪᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠᠲᠣ ᠬᠢᠨᠠᠨ ᠰᠢᠯᠭᠠᠬᠤ ᠳᠣᠭᠤᠶᠢᠯᠠᠩ ᠠᠴᠠ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠣᠨ ᠤ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠬᠦ ᠶᠢ ᠪᠠᠲᠣᠯᠠᠬᠤ ᠠᠵᠢᠯ ᠤᠨ ᠠᠬᠢᠴᠠ ᠶᠢᠨ ᠪᠠᠶᠢᠳᠠᠯ ᠪᠣᠯᠣᠨ ᠦᠷ᠎ᠡ ᠪᠦᠲᠦᠮᠵᠢ ᠶᠢ ᠲᠣᠬᠠᠢ ᠶᠢᠨ ᠭᠠᠵᠠᠷ ᠲᠤᠨᠢ ᠬᠦᠷᠴᠦ ᠬᠢᠨᠠᠨ ᠪᠠᠶᠢᠴᠠᠭᠠᠵᠣ᠂ ᠬᠤᠯᠪᠣᠭᠳᠠᠯ ᠪᠦᠬᠦᠢ ᠭᠦᠢᠴᠡᠳᠬᠡᠬᠦ ᠲᠤᠭ᠎ᠠ ᠳᠤ ᠦᠨᠡᠯᠡᠨ ᠵᠢᠱᠢᠯᠲᠡ ᠬᠢᠨ᠎ᠡ᠃ ᠬᠢᠨᠠᠨ ᠪᠠᠶᠢᠴᠠᠭᠠᠬᠤ ᠳᠤ ᠪᠠᠨ ᠬᠠᠷᠢᠭᠤ ᠮᠡᠳᠡᠭᠦᠯᠦᠯᠲᠡ ᠰᠣᠨᠣᠰᠬᠤ᠂ ᠦᠯᠢᠭᠡᠷ ᠵᠢᠱᠢᠶ᠎ᠡ ᠠᠪᠴᠣ ᠪᠠᠶᠢᠴᠭᠠᠬᠤ᠂ ᠮᠠᠲ᠋ᠧᠷᠢᠶᠠᠯ  ᠢ ᠬᠢᠨᠠᠨ ᠰᠢᠯᠭᠠᠬᠤ᠂ ᠠᠵᠢᠯᠴᠢᠨ ᠶᠢ ᠪᠣᠴᠠᠨ ᠰᠣᠷᠪᠣᠯᠵᠢᠯᠠᠬᠤ᠂ ᠢᠯᠡ ᠪᠠᠷ ᠪᠠᠶᠢᠴᠠᠭᠠᠵᠣ ᠳᠠᠯᠳᠠᠭᠤᠷ  ᠰᠣᠷᠪᠣᠯᠵᠢᠯᠠᠬᠤ ᠵᠡᠷᠭᠡ ᠠᠷᠭ᠎ᠠ ᠠᠪᠴᠠᠯ ᠠᠪᠴᠣ ᠠᠵᠢᠯ ᠢᠶᠠᠨ ᠶᠠᠪᠣᠭᠳᠠᠭᠤᠯᠣᠨ᠎ᠠ᠃      ︵ᠳᠥᠷᠪᠡ︶ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠭᠰᠠᠨ ᠤ ᠲᠠᠷᠠᠭ᠎ᠠ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠥᠪᠡᠷ ᠢᠶᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠡᠳᠦᠷ ᠲᠤᠳᠤᠮ ᠤᠨ ᠲᠤᠬᠢᠷᠠᠭᠤᠯᠤᠯᠳᠠ᠂ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠬᠦ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠤᠨ ᠡᠵᠡᠮᠰᠢᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠬᠢᠨᠠᠨ ᠰᠢᠯᠭᠠᠵᠤ ᠦᠨᠡᠯᠡᠨ᠂ ᠬᠢᠨᠠᠨ ᠰᠢᠯᠭᠠᠭᠰᠠᠨ ᠮᠡᠳᠡᠭᠦᠯᠦᠯᠲᠡ ᠪᠣᠯᠭᠠᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠨ᠎ᠠ᠃      ᠨᠠᠢᠮᠠᠳᠤᠭᠠᠷ ᠵᠦᠢᠯ ᠬᠢᠨᠠᠨ ᠰᠢᠯᠭᠠᠬᠤ ᠳᠤ ᠪᠠᠨ ᠳᠡᠰ ᠬᠤᠪᠢᠶᠠᠨ ᠬᠤᠪᠢ ᠥᠭᠬᠦ ᠠᠷᠭ᠎ᠠ ᠶᠢ ᠬᠡᠷᠡᠭᠯᠡᠵᠦ᠂ ᠪᠠᠷᠢᠮᠵᠢᠶ᠎ᠠ ᠬᠤᠪᠢ 100 ᠬᠤᠪᠢ᠂ ᠬᠢᠨᠠᠨ ᠰᠢᠯᠭᠠᠭᠰᠠᠨ ᠦᠷ᠎ᠡ ᠳ᠋ᠦᠩ ᠢ A᠂ B᠂ C ᠭᠤᠷᠪᠠᠨ ᠳᠡᠰ ᠲᠤ ᠬᠤᠪᠢᠶᠠᠨ᠎ᠠ᠃      ︵ᠨᠢᠭᠡ︶ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠬᠢᠨᠠᠨ ᠰᠢᠯᠭᠠᠬᠤ ᠳᠡᠰ ᠨᠢ A ᠳᠡᠰ᠄      1.ᠤᠳᠤᠷᠢᠳᠤᠯᠭ᠎ᠠ ᠶᠢᠨ ᠲᠠᠯ᠎ᠠ ᠠᠴᠠ ᠬᠦᠨᠳᠦᠳᠬᠡᠨ ᠦᠵᠡᠭᠰᠡᠨ ᠪᠠᠶᠢᠬᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠴᠠᠯᠢᠩ ᠣᠯᠭᠤᠮᠵᠢ ᠶᠢ ᠥᠭᠬᠦ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠬᠤ᠂ ᠴᠠᠯᠢᠩ ᠣᠯᠭᠤᠮᠵᠢ ᠥᠭᠬᠦ ᠪᠠᠲᠤᠯᠠᠭ᠎ᠠ ᠶᠢᠨ ᠲᠣᠭᠲᠠᠭᠠᠯ ᠢ ᠨᠠᠶᠢᠳᠠᠪᠣᠷᠢᠵᠢᠭᠤᠯᠣᠭᠰᠠᠨ ᠪᠠᠶᠢᠬᠤ᠂ ᠡᠷᠬᠡ ᠠᠰᠢᠭ ᠢ ᠬᠠᠮᠠᠭᠠᠯᠠᠬᠤ ᠲᠣᠭᠲᠠᠴᠠ ᠳᠡᠭᠦᠯᠳᠡᠷ ᠪᠠᠶᠢᠬᠤ᠂ ᠡᠬᠢ ᠠᠴᠠ ᠨᠢ ᠵᠠᠰᠠᠭᠰᠠᠨ ᠦᠷ᠎ᠡ ᠪᠦᠲᠦᠮᠵᠢ ᠨᠢ ᠢᠯᠡᠳᠲᠡ ᠪᠠᠶᠢᠬᠤ᠂ ᠴᠠᠯᠢᠩ ᠣᠯᠭᠤᠮᠵᠢ ᠥᠭᠬᠦ ᠶᠢ ᠵᠠᠰᠠᠬᠤ ᠠᠷᠭ᠎ᠠ ᠵᠠᠮ ᠨᠢ ᠰᠠᠭᠠᠳ ᠦᠭᠡᠢ ᠪᠠᠶᠢᠬᠤ᠂ ᠡᠷᠬᠡ ᠠᠰᠢᠭ ᠢᠶᠠᠨ ᠬᠠᠮᠠᠭᠠᠯᠠᠬᠤ ᠬᠠᠤᠯᠢ ᠬᠡᠷᠡᠭᠵᠢᠭᠦᠯᠬᠦ ᠪᠠᠲᠣᠯᠠᠭ᠎ᠠ ᠬᠦᠴᠦᠲᠡᠢ ᠪᠠᠶᠢᠬᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠪᠣᠯᠣᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠣᠮᠵᠢ ᠬᠦᠴᠦᠲᠡᠢ ᠪᠠᠶᠢᠬᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠴᠠᠯᠢᠩ ᠦᠷᠢᠲᠦᠬᠦ ᠶᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠢᠯᠡᠷᠬᠡᠢ ᠪᠠᠶᠢᠬᠤ︔      2.ᠬᠢᠨᠠᠨ ᠰᠢᠯᠭᠠᠭᠰᠠᠨ ᠬᠤᠪᠢ ᠪᠦᠬᠦ ᠬᠤᠲᠠ ᠶᠢᠨ ᠲᠦᠷᠦᠭᠦᠦ ᠭᠤᠷᠪᠠᠨ ᠨᠡᠷᠡᠰ ᠲᠤ ᠵᠢᠭᠰᠠᠭᠠᠭᠳᠠᠭᠰᠠᠨ᠃      ︵ᠬᠤᠶᠠᠷ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠢᠨᠠᠨ ᠰᠢᠯᠭᠠᠬᠤ ᠳᠡᠰ ᠨᠢ C ᠳᠡᠰ᠄      1.ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠬᠦ ᠶᠢ ᠪᠠᠲᠤᠯᠠᠬᠤ ᠠᠵᠢᠯ ᠢ ᠰᠠᠶᠢᠨ ᠬᠢᠭᠰᠡᠨ ᠦᠬᠡᠢ᠂ ᠦᠷ᠎ᠡ ᠪᠦᠲᠦᠮᠵᠢ ᠨᠢ ᠢᠯᠡᠷᠬᠡᠶ ᠥᠬᠡᠶ᠂ ᠴᠠᠯᠢᠩ ᠦᠷᠢᠲᠦᠭᠰᠡᠨ ᠠᠰᠠᠭᠤᠳᠠᠯ ᠲᠤᠪᠤᠶᠢᠮ᠎ᠠ᠂ ᠬᠢᠨᠠᠨ ᠰᠢᠯᠭᠠᠭᠰᠠᠨ ᠬᠤᠪᠢ ᠪᠥᠬᠦ ᠬᠤᠲᠠ ᠶᠢᠨ ᠬᠤᠶᠢᠨ᠎ᠠ 2 ᠲᠤ ᠵᠢᠭᠰᠠᠭᠠᠭᠳᠠᠭᠰᠠᠨ︔      2.2 ᠤᠳᠠᠭ᠎ᠠ ᠵᠢᠴᠢ 2 ᠤᠳᠠᠭ᠎ᠠ ᠠᠴᠠ ᠳᠡᠭᠡᠭᠰᠢ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠣᠭᠰᠠᠨ ᠠᠴᠠ ᠪᠣᠯᠵᠤ 50 ᠬᠥᠮᠦᠨ ᠠᠴᠠ ᠳᠡᠭᠡᠭᠰᠢᠬᠢ ᠤᠯᠠᠨ ᠨᠡᠶᠢᠲᠡ ᠶᠢᠨ ᠴᠢᠨᠠᠷᠲᠠᠶ ᠬᠡᠷᠡᠭ ᠡᠭᠦᠰᠦᠭᠰᠡᠨ ᠪᠤᠶᠤ 1ᠤᠳᠠᠭ᠎ᠠ ᠵᠢᠴᠢ 1ᠤᠳᠠᠭ᠎ᠠ ᠠᠴᠠ ᠳᠡᠭᠡᠭᠰᠢ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠢᠨᠵᠧᠨᠧᠷᠢᠩ ᠤᠨ ᠲᠦᠷᠥᠯ ᠵᠦᠢᠯ ᠳᠤ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠵᠦ ᠣᠳᠠᠭᠠᠰᠢᠷᠠᠭᠤᠯᠣᠭᠰᠠᠨ ᠠᠴᠠ ᠪᠣᠯᠵᠤ 50 ᠬᠥᠮᠦᠨ ᠠᠴᠠ ᠳᠡᠭᠡᠭᠰᠢᠬᠢ ᠤᠯᠠᠨ ᠨᠡᠶᠢᠲᠡ ᠶᠢᠨ ᠴᠢᠨᠠᠷᠲᠠᠶ ᠬᠡᠷᠡᠭ ᠡᠭᠦᠰᠦᠭᠰᠡᠨ︔      3.1ᠤᠳᠠᠭ᠎ᠠ ᠵᠢᠴᠢ1ᠤᠳᠠᠭ᠎ᠠ ᠠᠴᠠ ᠳᠡᠭᠡᠭᠰᠢ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠣᠭᠰᠠᠨ ᠠᠴᠠ ᠪᠤᠯᠵᠤ᠂ ᠬᠡᠲᠦᠷᠡᠮᠡᠬᠡᠢ ᠬᠡᠷᠡᠭ ᠡᠭᠦᠰᠬᠡᠭᠰᠡᠨ ᠪᠥᠭᠡᠳ ᠬᠦᠨᠳᠦ ᠨᠣᠴᠢᠲᠠᠶ ᠦᠷ᠎ᠡ ᠳ᠋ᠦᠩ ᠠᠪᠴᠢᠷᠠᠭᠰᠠᠨ᠃      ︵ᠭᠤᠷᠪᠠ︶ ᠬᠢᠨᠠᠨ ᠰᠢᠯᠭᠠᠬᠤ ᠳᠡᠰ ᠨᠢ A᠂ C ᠲᠡᠰ ᠠᠴᠠ ᠪᠤᠰᠤᠳ ᠨᠢ B ᠳᠡᠰ᠃      ᠶᠢᠰᠦᠳᠦᠭᠡᠷ ᠵᠦᠢᠯ ᠬᠢᠨᠠᠨ ᠰᠢᠯᠭᠠᠭᠰᠠᠨ ᠳ᠋ᠦᠩ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠢᠨᠠᠨ ᠰᠢᠯᠭᠠᠬᠤ ᠳᠤᠭᠤᠶᠢᠯᠠᠩ ᠠᠴᠠ ᠮᠡᠳᠡᠭᠡᠯᠡᠬᠦ  ᠶᠢᠨ ᠬᠠᠮᠲᠣ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠬᠠᠭᠤᠯᠤᠨ ᠬᠦᠷᠭᠡᠵᠦ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ ᠤᠳᠤᠷᠢᠳᠤᠯᠭ᠎ᠠ ᠳᠤ ᠶᠡᠷᠦᠩᠬᠡᠶᠢᠯᠡᠨ ᠬᠢᠨᠠᠨ ᠰᠢᠯᠭᠠᠵᠣ ᠦᠨᠡᠯᠡᠯᠲᠡ ᠬᠢᠬᠦ ᠳᠤ ᠯᠠᠪᠯᠠᠯᠲᠠ ᠪᠣᠯᠭᠠᠨ᠎ᠠ᠃ ᠬᠢᠨᠠᠨ ᠰᠢᠯᠭᠠᠬᠤ ᠳᠤ C ᠳᠡᠰ ᠢᠶᠠᠷ ᠦᠨᠡᠯᠡᠭᠳᠡᠭᠰᠡᠨ ᠪᠠᠶᠢᠪᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠱᠠᠭᠠᠷᠳᠠᠯᠭ᠎ᠠ ᠳᠣᠷᠠᠳᠣᠨ᠎ᠠ᠃ ᠪᠣᠯᠵᠤᠨ ᠶᠠᠷᠢᠯᠴᠠᠭᠳᠠᠭᠰᠠᠨ ᠭᠠᠵᠠᠷ ᠣᠷᠣᠨ ᠤ ᠬᠢᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠵᠤ᠂ ᠪᠣᠯᠵᠣᠵᠤ ᠶᠠᠷᠢᠯᠴᠠᠭᠰᠠᠨ ᠤ ᠳᠠᠷᠠᠭ᠎ᠠ1ᠭᠠᠷᠠᠭ ᠤᠨ ᠳᠣᠲᠣᠷ᠎ᠠ ᠪᠢᠴᠢᠭ ᠤᠨ ᠮᠡᠳᠡᠭᠦᠯᠦᠯᠲᠡ ᠲᠣᠰᠢᠶᠠᠵᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠢᠨᠠᠨ ᠰᠢᠯᠭᠠᠬᠤ ᠳᠤᠭᠤᠶᠢᠯᠠᠩ ᠠᠴᠠ ᠬᠠᠷᠢᠭᠤᠴᠠᠵᠤ ᠰᠢᠮᠳᠠᠭᠤᠯᠣᠨ ᠨᠠᠶᠢᠳᠠᠪᠣᠷᠢᠵᠢᠭᠤᠯᠣᠨ᠎ᠠ᠃ ᠬᠢᠨᠠᠨ ᠰᠢᠯᠭᠠᠬᠤ ᠶᠠᠪᠤᠴᠠ ᠳᠤ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠲᠠᠢ ᠠᠰᠠᠭᠤᠳᠠᠯ ᠤᠨ ᠰᠦᠪᠡᠭᠴᠢ ᠶᠢ ᠢᠯᠡᠷᠡᠭᠦᠯᠪᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ︔ ᠬᠢᠨᠠᠨ ᠰᠢᠯᠭᠠᠬᠤ ᠠᠵᠢᠯ ᠳᠤᠮᠳᠠ ᠬᠤᠳᠠᠯ ᠬᠠᠭᠤᠷᠮᠠᠭ ᠵᠦᠢᠯ ᠵᠣᠬᠢᠶᠠᠬᠤ᠂ ᠨᠢᠭᠤᠭᠠᠳ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠦᠭᠡᠳ ᠬᠢᠨᠠᠨ ᠰᠢᠯᠭᠠᠬᠤ ᠦᠷ᠎ᠡ ᠳ᠋ᠦᠩ ᠢ ᠭᠠᠵᠢᠭᠤᠳᠠᠭᠤᠯᠤᠭᠰᠠᠨ ᠪᠠᠶᠢᠪᠠᠯ ᠵᠠᠷᠯᠠᠨ ᠰᠢᠭᠦᠮᠵᠢᠯᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠠᠬᠢᠯᠭ᠎ᠠ ᠪᠠᠲᠣ ᠬᠠᠤᠯᠢ ᠳᠦᠷᠢᠮ ᠶᠣᠰᠣᠭᠠᠷ ᠬᠤᠯᠪᠣᠭᠳᠠᠯ ᠪᠦᠬᠦᠢ ᠬᠦᠮᠦᠨ ᠠᠴᠠ ᠬᠠᠷᠢᠭᠤᠴᠯᠠᠭ᠎ᠠ ᠨᠡᠬᠡᠮᠵᠢᠯᠡᠨ᠎ᠡ᠃      ᠠᠷᠪᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 3 ᠵᠢᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠦᠯᠲᠡᠶ ᠳ᠋ᠤᠭᠠᠷ ᠨᠢ᠄ZG—2018—4 ᠳ᠋ᠦ᠋ᠭᠡᠷ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号