ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 9 ᠰᠠᠷ᠎ᠠ ᠶᠢᠨ 13 ᠤ ᠡᠳᠦᠷ ᠤᠨ ᠴᠠᠬᠢᠯᠭᠠᠨ | ᠮᠡᠳᠡᠭᠡ ︵ᠰᠤᠷᠪᠤᠯᠵᠢᠯᠠᠭᠴᠢ ᠵᠠᠩ ᠴᠧᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠦᠷᠦᠭᠦᠬᠡᠨ ︽ | ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ | ᠢ ᠨᠡᠶᠢᠲᠡᠯᠡᠪᠡ᠃ | ︽ᠬᠡᠷᠡᠭᠵᠢᠭᠦᠯᠬᠦ ᠰᠠᠨᠠᠯ︾ ᠳᠤ᠂ ᠪᠠᠭᠰᠢ ᠶᠢᠨ ᠰᠤᠷᠭᠠᠨ ᠬᠦᠮᠦᠵᠢᠯ ᠢ ᠶᠡᠭᠡ ᠬᠦᠴᠦᠨ ᠢᠶᠠᠷ ᠬᠦᠭᠵᠢᠭᠦᠯᠵᠦ | ᠂ ᠪᠠᠭᠰᠢ ᠶᠢᠨ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠪᠠ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢ ᠱᠠᠭᠠᠷᠳᠠᠵᠠᠢ᠂ ᠡᠭᠦᠨ ᠳᠤ ᠪᠠᠭᠰᠢ ᠶᠢᠨ ᠶᠡᠭᠡ ᠳᠡᠭᠡᠳᠦ ᠰᠤᠷᠭᠠᠭᠤᠯᠢ ᠪᠣᠯᠣᠨ ᠪᠠᠭᠰᠢ ᠶᠢᠨ | ᠰᠤᠷᠭᠠᠨ ᠬᠦᠮᠦᠵᠢᠯ ᠢ ᠲᠡᠳᠭᠦᠭᠦ ᠡᠷᠴᠢᠮ ᠢᠶᠠᠨ ᠴᠢᠩᠭᠠᠷᠠᠭᠤᠯᠵᠤ᠂ ᠪᠠᠭᠰᠢ ᠨᠠᠷ ᠤᠨ ᠪᠣᠯᠪᠠᠰᠤᠷᠠᠭᠤᠯᠤᠯ ᠤᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠳᠡᠭᠡᠳᠦ ᠬᠡᠪ ᠴᠢᠨᠠᠷ ᠪᠦᠬᠦᠢ ᠲᠤᠰᠬᠠᠶᠢᠵᠢᠭᠰᠠᠨ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠪᠠᠶᠢᠭᠤᠯᠬᠤ ᠵᠡᠷᠭᠡ ᠠᠭᠤᠯᠭ᠎ᠠ ᠪᠠᠭᠲᠠᠨ᠎ᠠ᠃ | ᠡᠬᠦᠨ ᠤ ᠬᠠᠮᠲᠤ᠂ ︽ᠬᠡᠷᠡᠭᠵᠢᠭᠦᠯᠬᠦ ᠰᠠᠨᠠᠯ︾ ᠳᠤ ᠠᠵᠢᠯ ᠤᠨ ᠡᠷᠬᠡ ᠬᠦᠮᠦᠨ ᠤ ᠡᠷᠬᠡ ᠡᠳ᠋ ᠤᠨ | ᠡᠷᠬᠡ ᠶᠢ ᠨᠢᠭᠡᠳᠬᠡᠭᠰᠡᠨ ᠪᠠᠭᠰᠢ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠪᠠ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠲᠤᠨ ᠤ ᠪᠠᠭᠰᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠳᠤᠮᠳᠠᠳᠤ | ᠪᠠᠭ᠎ᠠ ᠰᠤᠷᠭᠠᠭᠤᠯᠢ᠂ ᠬᠡᠥᠬᠡᠳ ᠤᠨ ᠴᠡᠴᠡᠷᠯᠢᠭ ᠤᠨ ᠪᠠᠭᠰᠢ ᠶᠢᠨ ᠮᠡᠷᠭᠡᠵᠢᠯ ᠤᠨ ᠴᠣᠯᠠ ᠪᠠ ᠰᠢᠯᠭᠠᠨ ᠦᠨᠡᠯᠡᠬᠦ | ᠳᠥᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠤᠰᠬᠤᠨ ᠤ ᠪᠠᠭᠰᠢ ᠶᠢᠨ ᠣᠯᠭᠤᠮᠵᠢ ᠶᠢᠨ | ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ | ᠪᠠᠭᠰᠢ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠠᠷᠭ᠎ᠠ ᠪᠠᠷ ᠪᠠᠭᠰᠢ ᠶᠢᠨ ᠨᠡᠶᠢᠭᠡᠮ ᠤᠨ ᠪᠠᠶᠢᠷᠢ ᠰᠠᠭᠤᠷᠢ ᠶᠢ | ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠵᠠᠢ᠃ |