| | | 9 ᠳ᠋ᠦ᠋ᠭᠡᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ | ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ ᠪᠦᠬᠦ ᠰᠢᠶᠠᠨ ᠤ | ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠴᠢᠮ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠰᠢᠶᠠᠨ ᠤ ᠳᠡᠳ᠋ ᠳᠠᠷᠤᠭ᠎ᠠ ᠭᠦᠸᠧ ᠸᠧᠨ | ᠵᠢᠶᠦ᠋ᠨ᠂ ᠰᠢᠶᠠᠨ ᠤ ᠤᠢ ᠰᠢᠭᠤᠶ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠡᠯ᠎ᠡ ᠰᠢᠶᠠᠩ | ᠪᠠᠯᠭᠠᠰᠤ ︵ᠬᠦᠷᠢᠶᠡᠯᠡᠩ ᠲᠣᠭᠤᠷᠢᠭ︶ ᠵᠡᠷᠭᠡ ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠸᠠᠨ ᠫᠢᠩ ᠶᠣᠸᠠᠨ | ᠫᠷᠣᠹᠧᠰᠰᠣᠷ ᠢ ᠣᠷᠢᠨ ᠠᠪᠴᠢᠷᠠᠵᠣ᠂ ᠲᠡᠭᠦᠨ ᠢᠶᠠᠷ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠮᠡᠷᠭᠡᠵᠢᠯ ᠤᠨ ᠬᠤᠪᠢ ᠠᠴᠠ ᠵᠢᠯᠣᠭᠤᠳᠣᠭᠤᠯᠵᠣ᠂ ᠠᠹᠷᠢᠺᠠ | ᠲᠢᠪ ᠤᠨ ᠭᠠᠭ᠋ᠠᠶ ᠶᠢᠨ ᠬᠢᠵᠢᠭ ᠤᠨ ᠬᠠᠯᠳᠠᠪᠤᠷᠢᠯᠠᠬᠤ ᠡᠬᠢ᠂ ᠲᠠᠷᠬᠠᠬᠤ ᠬᠡᠯᠪᠡᠷᠢ᠂ ᠬᠢᠵᠢᠭ ᠡᠪᠡᠳᠴᠢᠨ ᠤ ᠢᠯᠡᠷᠡᠯ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠮᠡᠳᠡᠯᠭᠡ ᠶᠢ ᠨᠠᠷᠢᠯᠢᠭ ᠶᠠᠷᠢᠭᠤᠯᠪᠠ᠃ | ᠬᠤᠷᠠᠯ ᠳᠡᠭᠡᠷ᠎ᠡ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠬᠠᠷᠢᠭᠤᠴᠠᠯᠭᠠᠲᠠᠨ ᠮᠠᠨ ᠤ | ᠰᠢᠶᠠᠨ ᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ | ᠭᠦᠸᠧ ᠸᠧᠨ ᠵᠢᠶᠦ᠋ᠨ ︽ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠲᠥᠰᠦᠯ︾ ᠲᠠᠢ ᠤᠶᠠᠯᠳᠤᠭᠤᠯᠤᠨ᠂ ᠣᠶᠢᠷ᠎ᠠ ᠶᠢᠨ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠠᠵᠢᠯ ᠢ | ᠲᠣᠬᠢᠷᠠᠭᠤᠯᠤᠨ ᠪᠠᠶᠢᠷᠢᠯᠠᠭᠤᠯᠵᠠᠶ᠃ ᠲᠡᠷᠡ ᠱᠠᠭᠠᠷᠳᠠᠭᠰᠠᠨ ᠨᠢ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠠᠹᠷᠢᠺᠠ ᠲᠢᠪ ᠤᠨ ᠭᠠᠭ᠋ᠠᠶ ᠶᠢᠨ ᠬᠢᠵᠢᠭ ᠳᠤ ᠬᠠᠨᠳᠣᠭᠤᠯᠣᠭᠰᠠᠨ ᠬᠠᠮᠢᠶ᠎ᠠ ᠪᠥᠬᠦᠶ ᠪᠣᠯᠪᠠᠰᠤᠷᠠᠭᠤᠯᠤᠯ ᠥᠷᠨᠢᠭᠦᠯᠬᠦ | ᠬᠡᠷᠡᠭᠲᠡᠢ︔ ᠪᠦᠬᠦ ᠰᠢᠶᠠᠨ ᠤ ᠭᠠᠭ᠋ᠠᠶ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠵᠢᠴᠢ ᠵᠧᠩ ᠳ᠋ᠠ ᠵᠡᠷᠭᠡ ᠠᠵᠤ | ᠠᠬᠤᠶᠢᠯᠠᠯ ᠤᠨ ᠭᠤᠷᠪᠠᠨ ᠺᠢᠯᠣᠮᠧᠲᠷ ᠤᠨ ᠳᠣᠲᠣᠷᠠᠬᠢ ᠭᠠᠭ᠋ᠠᠶ ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ᠂ ᠡᠷᠦᠬᠡ ᠶᠢᠨ | ᠲᠤᠭ᠎ᠠ ᠵᠢᠴᠢ ᠲᠡᠭᠦᠨ ᠤ ᠲᠤᠭ᠎ᠠ ᠲᠣᠯᠣᠭᠠᠶ ᠶᠢ ᠭᠤᠣᠯᠳᠠᠯᠭ᠎ᠠ ᠲᠠᠢ ᠪᠠᠶᠢᠴᠠᠭᠠᠨ᠎ᠠ︔ ᠲᠡᠵᠢᠭᠡᠨ ᠦᠷᠡᠵᠢᠭᠦᠯᠬᠦ | ᠲᠠᠯᠠᠪᠠᠢ᠂ ᠠᠮᠢᠲᠠᠨ ᠤ ᠪᠦᠲᠦᠭᠡᠭᠳᠡᠭᠦᠨ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠭᠤᠭᠴᠣᠭᠠᠨ ᠳᠠᠬᠢ | ᠪᠠᠶᠢᠷᠢᠯᠠᠭᠤᠯᠣᠯᠲᠠ ᠪᠠᠨ ᠴᠢᠩᠭᠠᠳᠬᠠᠬᠤ ᠬᠡᠷᠡᠭᠲᠡᠢ ︔ ᠵᠧᠩ ᠳ᠋ᠡ ᠪᠦᠯᠦᠭᠯᠡᠯ ᠤᠨ ᠲᠡᠵᠢᠭᠡᠨ ᠦᠷᠡᠵᠢᠭᠦᠯᠬᠦ | ᠲᠠᠯᠠᠪᠤᠷ ᠤᠨ ᠳᠣᠲᠣᠭᠠᠳᠤ ᠶᠢᠨ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ | ᠤᠷᠢᠳᠴᠢᠯᠠᠭᠰᠠᠨ ᠲᠥᠰᠦᠯ ᠶᠣᠰᠣᠭᠠᠷ ᠡᠮᠬᠢ ᠵᠢᠷᠤᠮ ᠲᠠᠢ ᠠᠵᠢᠯᠯᠠᠵᠣ᠂ ᠮᠡᠳᠡᠭᠦᠯᠦᠯᠲᠡ ᠶᠢᠨ ᠲᠦᠷᠢᠮ ᠢ | ᠴᠢᠩᠭᠠᠳᠬᠠᠵᠤ᠂ ᠴᠠᠭ ᠲᠤᠬᠠᠶ ᠳᠤᠨᠢ ᠮᠡᠳᠡᠭᠦᠯᠵᠦ᠂ ᠬᠦᠷᠭᠡᠨ ᠪᠠᠶᠢᠴᠠᠭᠠᠯᠭᠠᠨ᠎ᠠ︔ ᠮᠡᠳᠡᠭᠡ ᠵᠠᠩᠭᠢ ᠨᠡᠶᠢᠲᠡᠯᠡᠬᠦ ᠪᠠ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ | ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠪᠡ᠃ | ᠴᠧᠨ ᠯᠢ ᠶᠢᠨ ᠴᠢᠩᠭᠠᠳᠬᠠᠭᠰᠠᠨ ᠨᠢ᠂ ᠨᠢᠭᠡ ᠳᠤ ᠡᠯ᠎ᠡ ᠰᠢᠶᠠᠩ ᠪᠠᠯᠭᠠᠰᠤ ᠰᠠᠯᠠᠭ᠎ᠠ ᠮᠥᠴᠢᠷ ᠠᠹᠷᠢᠺᠠ | ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠳᠠᠯ ᠢ ᠰᠡᠷᠭᠡᠭ ᠢᠶᠠᠷ ᠲᠠᠨᠢᠵᠤ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ᠂ ᠠᠹᠷᠢᠺᠠ | ᠲᠢᠪ ᠤᠨ ᠭᠠᠭ᠋ᠠᠢ ᠶᠢᠨ ᠬᠢᠵᠢᠭ ᠢ ᠬᠡᠷᠬᠢᠨ ᠰᠡᠷᠭᠡᠶᠢᠯᠡᠬᠦ᠂ ᠡᠪᠡᠳᠴᠢᠨ ᠢᠶᠠᠷ ᠦᠭᠦᠭᠰᠡᠨ ᠭᠠᠭ᠋ᠠᠶ ᠶᠢᠨ ᠮᠢᠬ᠎ᠠ ᠶᠢ ᠬᠡᠷᠬᠢᠨ | ᠰᠢᠢᠳᠪᠦᠷᠢᠯᠡᠬᠦ᠂ ᠱᠠᠩᠨᠠᠬᠤ ᠳᠡᠭᠡᠭᠰᠢ ᠮᠡᠳᠡᠭᠦᠯᠬᠦ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢᠨ ᠲᠣᠳᠣᠷᠬᠠᠶᠢᠯᠠᠯᠲᠠ ᠶᠢᠨ | ᠺᠠᠷᠲ ᠲᠠᠷᠬᠠᠭᠠᠵᠣ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠰᠡᠷᠭᠡᠶᠢᠯᠡᠨ ᠬᠤᠷᠢᠭᠯᠠᠬᠤ ᠮᠡᠳᠡᠯᠭᠡ ᠶᠢ ᠠᠶᠢᠯ | ᠲᠣᠰᠬᠤᠨ᠂ ᠲᠡᠷᠡᠴᠢᠯᠡᠨ ᠡᠷᠤᠬᠡ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠢ︔ ᠬᠤᠶᠠᠷ ᠲᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠬᠠᠮᠢᠶ᠎ᠠ ᠪᠥᠬᠦᠶ ᠠᠵᠢᠯᠲᠠᠨ ᠢ ᠵᠣᠬᠢᠶᠠᠨ ᠪᠠᠶᠢᠭᠤᠯᠣᠨ ᠪᠣᠯᠪᠠᠰᠣᠷᠠᠭᠤᠯᠣᠯ ᠬᠢᠵᠦ᠂ | ᠨᠢᠭᠡᠳᠦᠭᠡᠷ ᠹᠷᠣᠨᠲ ᠳᠠᠬᠢ ᠬᠢᠵᠢᠭ ᠢ ᠰᠡᠷᠭᠡᠶᠢᠯᠡᠬᠦ ᠬᠥᠮᠦᠰ ᠲᠡᠵᠢᠭᠡᠨ ᠦᠷᠡᠵᠢᠭᠦᠯᠬᠦ ᠭᠠᠵᠠᠷ ᠲᠤ ᠭᠦᠨᠵᠡᠭᠡᠶᠢᠷᠡᠨ | ᠨᠡᠶᠢᠳᠡᠮ ᠪᠠᠶᠢᠴᠠᠭᠠᠯᠲᠠ ᠬᠢᠵᠦ᠂ ᠡᠪᠡᠳᠴᠢᠯᠡᠵᠦ ᠦᠬᠦᠭᠰᠡᠨ ᠬᠡᠷᠡᠭ ᠤᠨ ᠵᠢᠱᠢᠶ᠎ᠡ ᠶᠢ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠳᠤ ᠮᠡᠳᠡᠭᠳᠡᠨ᠂ ᠴᠠᠭ ᠲᠤᠬᠠᠶ ᠳᠤᠨᠢ ᠰᠢᠯᠭᠠᠨ ᠪᠠᠶᠢᠴᠠᠭᠠᠯᠲᠠ ᠬᠢᠯᠭᠡᠵᠦ᠂ ᠳᠡᠭᠡᠳᠦ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ︔ ᠭᠤᠷᠪᠠ ᠳᠤ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠪᠡᠳᠴᠢᠨ ᠢᠶᠠᠷ ᠥᠭᠦᠭᠰᠡᠨ ᠮᠠᠯ ᠢ ᠴᠢᠩᠭ᠎ᠠ ᠬᠠᠮᠢᠶᠠᠷᠤᠨ ᠡᠵᠡᠮᠳᠡᠵᠦ᠂ | ᠡᠪᠡᠳᠴᠢᠨ ᠢᠶᠠᠷ ᠥᠭᠦᠭᠰᠡᠨ ᠭᠠᠭ᠋ᠠᠶ ᠶᠢᠨ ᠮᠢᠬ᠎ᠠ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠵᠦ᠂ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ︔ ᠲᠦᠷᠪᠡ ᠳᠤ ᠲᠡᠵᠢᠭᠡᠨ | ᠦᠷᠡᠵᠢᠭᠦᠯᠬᠦ ᠡᠷᠦᠬᠡ ᠶᠢᠨ ᠳᠣᠲᠣᠭᠠᠳᠤ ᠳᠠᠬᠢ ᠮᠠᠯ ᠨᠢᠲᠤᠯᠬᠤ᠂ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ | ᠨᠣᠪᠰᠢ ᠵᠡᠷᠭᠡ ᠲᠠᠯ᠎ᠠ ᠶᠢᠨ ᠬᠠᠮᠢᠶᠠᠷᠣᠯᠲᠠ ᠶᠢ ᠴᠢᠩᠭᠠᠳᠬᠠᠵᠤ᠂ ᠤᠬᠢᠶᠠᠳᠠᠰᠤ ᠪᠠᠷ ᠲᠡᠵᠢᠭᠡᠭᠰᠡᠨ ᠭᠠᠭ᠋ᠠᠶ᠂ ᠰᠢᠯᠦᠬᠡᠶ | ᠡᠪᠡᠳᠴᠢᠨ ᠡᠭᠦᠰᠬᠦ ᠠᠴᠠ ᠰᠡᠷᠭᠡᠶᠢᠯᠡᠨ᠎ᠡ︔ ᠲᠠᠪᠤ ᠳᠤ ᠵᠠᠮ ᠬᠠᠷᠢᠯᠴᠠᠭᠠᠨ ᠤ ᠴᠠᠭᠳᠠᠭ᠎ᠠ ᠶᠢᠨ ᠴᠠᠭᠳᠠᠭᠠᠨ ᠤ | ᠬᠠᠷᠠᠭᠤᠯ ᠤᠨ ᠪᠦᠬᠦᠬᠡᠭ ᠤᠨ ᠴᠠᠭᠳᠠᠭᠠᠨ ᠤ ᠲᠤᠭ᠎ᠠ ᠶᠢ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠭᠡᠯᠵᠢ | ᠵᠢᠰᠢᠶ᠎ᠠ ᠶᠢ ᠰᠠᠶᠢᠲᠣᠷ ᠬᠢᠵᠦ᠂ ᠬᠥᠷᠰᠢ ᠵᠡᠷᠭᠡᠯᠡᠳᠡᠭᠡ ᠮᠤᠵᠢ ᠨᠤᠭᠤᠳ ᠲᠤ ᠨᠡᠪᠲᠡᠷᠡᠬᠦ ᠲᠡᠷᠭᠡ ᠨᠦᠭᠦᠳ ᠢ ᠴᠢᠩᠭ᠎ᠠ | ᠬᠠᠮᠢᠶᠠᠷᠤᠨ ᠡᠵᠡᠮᠳᠡᠬᠦ ᠬᠡᠷᠡᠭᠲᠡᠢ ᠭᠡᠪᠡ᠃ |