ᠨᠡᠪᠲᠡᠷᠡᠭᠦᠯᠦᠭᠴᠢ ᠄ 2018 ᠣᠨ ᠪᠣᠯ ᠥᠪᠥᠷ ᠮᠣᠩᠭᠤᠯ ᠤᠨ ᠬᠥᠬᠡᠬᠤᠲᠠ ᠶᠢᠨ ᠮᠣᠩᠭᠤᠯ | ᠦᠨᠳᠦᠰᠦᠲᠡᠨ ᠤ ᠰᠤᠷᠭᠠᠭᠤᠯᠢ ᠪᠠᠶᠢᠭᠤᠯᠤᠭᠳᠠᠭᠰᠠᠨ ᠤ ᠳᠠᠯᠠᠨ ᠵᠢᠯ ᠤᠨ ᠣᠢ ᠮᠥᠨ ᠃ ᠳᠠᠯᠠᠨ ᠵᠢᠯ | ᠤᠨ ᠶᠡᠷᠦ ᠪᠤᠰᠤ ᠶᠢᠨ ᠵᠠᠮᠨᠠᠯ ᠢ ᠲᠤᠭᠤᠯᠵᠤ ᠂ ᠤᠯᠤᠰ ᠣᠷᠣᠨ ᠳᠤ ᠣᠯᠠᠨ ᠪᠣᠯᠪᠠᠰᠤᠨ ᠬᠦᠴᠦᠨ ᠢ | ᠬᠦᠮᠦᠵᠢᠭᠦᠯᠦᠨ ᠦᠭᠴᠦ᠂ ᠥᠪᠥᠷ ᠮᠣᠩᠭᠤᠯ ᠤᠨ ᠲᠥᠪ ᠬᠥᠬᠡᠬᠤᠲᠠ ᠳᠤ ᠴᠣᠯ ᠮᠣᠩᠭᠤᠯ ᠬᠡᠯᠡᠨ ᠤ | ᠰᠤᠷᠭᠠᠨ ᠬᠥᠮᠥᠵᠢᠯ ᠤᠨ ᠲᠤᠭ ᠢ ᠥᠨᠳᠥᠷ ᠡᠷᠭᠦᠨ ᠮᠠᠨᠳᠤᠭᠤᠯᠵᠦ ᠪᠠᠶᠢᠭ᠎ᠠ ᠵᠢᠱᠢᠶᠡᠴᠢ ᠰᠤᠷᠭᠠᠭᠤᠯᠢ ᠶᠢᠨ | ᠠᠮᠵᠢᠯᠲᠠ ᠪᠦᠲᠦᠮᠵᠢ ᠶᠢ ᠣᠶᠢᠷ᠎ᠠ ᠳᠤ ᠲᠥᠪ ᠷᠠᠳᠢᠣ᠋᠂ ᠠᠷᠠᠳ ᠤᠨ ᠰᠦᠯᠵᠢᠶ᠎ᠡ᠂ ᠥᠪᠥᠷ ᠮᠣᠩᠭᠤᠯ ᠤᠨ | ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠵᠡᠷᠭᠡ ᠲᠥᠪ | ᠂ ᠮᠤᠵᠢ ᠣᠷᠣᠨ᠂ ᠬᠤᠲᠠ ᠵᠡᠷᠭᠡ ᠭᠤᠷᠪᠠᠨ ᠱᠠᠲᠤᠨ ᠤ ᠬᠡᠪᠯᠡᠯ ᠮᠡᠳᠡᠭᠡᠯᠡᠯ ᠤᠨ ᠬᠢᠨ ᠬᠠᠮᠲᠤᠷᠠᠨ | ᠰᠤᠷᠪᠤᠯᠵᠢᠯᠠᠭᠰᠠᠨ ᠶᠤᠮ᠃ | ᠶᠡᠷᠦᠩᠬᠡᠢ ᠱᠦᠵᠢ ᠰᠢ ᠶᠢᠨ ᠫᠢᠩ 9 ᠳ᠋ᠦ᠋ᠭᠡᠷ ᠰᠠᠷ᠎ᠠ ᠶᠢᠨ 10 ᠤ ᠡᠳᠦᠷ ᠪᠦᠬᠦ ᠤᠯᠤᠰ ᠤᠨ | ᠰᠤᠷᠭᠠᠨ ᠬᠥᠮᠥᠵᠢᠯ ᠤᠨ ᠠᠵᠢᠯ ᠤᠨ ᠬᠤᠷᠠᠯ ᠳᠡᠭᠡᠷ᠎ᠡ ︽ ᠪᠦᠬᠦ ᠨᠠᠮ᠂ ᠪᠦᠬᠦ ᠨᠡᠶᠢᠭᠡᠮ ᠢᠶᠠᠷ ᠢᠶᠠᠨ | ᠪᠠᠭᠰᠢ ᠨᠠᠷ ᠢ ᠬᠦᠨᠳᠦᠳᠬᠡᠨ᠂ ᠰᠤᠷᠭᠠᠨ ᠬᠥᠮᠥᠵᠢᠯ ᠢ ᠬᠦᠨᠳᠦᠳᠬᠡᠨ᠂ ᠥᠷᠭᠡᠨ ᠣᠯᠠᠨ ᠪᠠᠭᠰᠢ ᠨᠠᠷ | ᠤᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠤᠨ ᠪᠠᠶᠢᠷᠢ | ᠰᠠᠭᠤᠷᠢ ᠶᠢ ᠳᠡᠭᠡᠭᠰᠢᠯᠡᠭᠦᠯᠬᠦ ᠬᠡᠷᠡᠭᠲᠡᠢ︾ ᠭᠡᠵᠦ ᠴᠢᠬᠤᠯᠠᠴᠢᠯᠠᠭᠰᠠᠨ ᠶᠤᠮ᠃ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ | ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ | ᠬᠠᠷᠢᠭᠤᠴᠠᠵᠤ ᠪᠠᠶᠢᠭ᠎ᠠ ᠳᠡᠳ᠋ ᠵᠠᠬᠢᠷᠤᠯ ᠪᠠᠢ ᠪᠠᠲᠤ ᠠᠴᠠ ᠶᠡᠷᠦᠩᠬᠡᠢ ᠱᠦᠵᠢ ᠶᠢᠨ ᠶᠠᠷᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠂ ᠰᠤᠷᠭᠠᠭᠤᠯᠢ ᠪᠠᠶᠢᠭᠤᠯᠤᠭᠳᠠᠭᠰᠠᠨ ᠳᠠᠯᠠᠨ ᠵᠢᠯ ᠤᠨ ᠣᠢ ᠂ ᠦᠨᠳᠦᠰᠦᠲᠡᠨ | ᠤ ᠰᠤᠷᠭᠠᠨ ᠬᠥᠮᠥᠵᠢᠯ ᠤᠨ ᠢᠷᠡᠭᠡᠳᠦᠢ ᠶᠢᠨ ᠲᠤᠬᠠᠢ ᠥᠪᠡᠷ ᠤᠨ ᠦᠵᠡᠯᠲᠡ ᠪᠣᠳᠣᠯ ᠢᠶᠠᠨ ᠶᠠᠷᠢᠭᠰᠠᠨ | ᠪᠠᠶᠢᠯ᠎ᠠ᠃ | ᠪᠠᠢ ᠪᠠᠲᠤ ᠄ ᠮᠠᠨ ᠤ ᠰᠤᠷᠭᠠᠭᠤᠯᠢ ᠪᠣᠯ ᠤᠯᠠᠭᠠᠨᠬᠦᠦ ᠵᠡᠷᠭᠡ ᠠᠬᠠᠮᠠᠳ ᠬᠤᠪᠢᠰᠬᠠᠯᠴᠢᠳ ᠤᠨ | ᠬᠠᠯᠠᠭᠤᠨ ᠬᠠᠯᠠᠮᠵᠢᠯᠠᠯ ᠳᠣᠣᠷ᠎ᠠ ᠪᠠᠶᠢᠭᠤᠯᠤᠭᠳᠠᠭᠰᠠᠨ ᠰᠤᠷᠭᠠᠭᠤᠯᠢ ᠪᠣᠯᠣᠨ᠎ᠠ᠃ ᠡᠨᠡ ᠵᠢᠯ ᠮᠠᠨ ᠤ | ᠰᠤᠷᠭᠠᠭᠤᠯᠢ ᠳᠠᠯᠠᠨ ᠵᠢᠯ ᠤᠨ ᠣᠢ ᠪᠠᠨ ᠤᠭᠳᠤᠵᠦ ᠪᠠᠶᠢᠭ᠎ᠠ ᠶᠤᠮ᠃ ᠳᠠᠯᠠᠨ ᠵᠢᠯ ᠤᠨ ᠲᠤᠷᠰᠢ ᠮᠠᠨ ᠤ | ᠰᠤᠷᠭᠠᠭᠤᠯᠢ ᠪᠠᠭ᠎ᠠ ᠠᠴᠠ ᠶᠡᠭᠡ ᠪᠣᠯᠵᠤ ᠂ ᠶᠡᠭᠡ ᠥᠷᠨᠢᠯ ᠬᠥᠭᠵᠢᠯ ᠢᠶᠠᠨ ᠣᠯᠵᠠᠢ᠃ ᠣᠳᠣ ᠪᠣᠯᠬᠤ | ᠳᠤ ᠮᠠᠨ ᠤ ᠰᠤᠷᠭᠠᠭᠤᠯᠢ 250 ᠭᠠᠷᠤᠢ ᠪᠠᠭᠰᠢ ᠠᠵᠢᠯᠲᠠᠨ ᠲᠠᠢ᠂ 2500 ᠭᠠᠷᠤᠢ ᠰᠤᠷᠤᠭᠴᠢ ᠲᠠᠢ | ᠪᠣᠯᠵᠠᠢ᠃ ᠳᠠᠯᠠᠨ ᠵᠢᠯ ᠤᠨ ᠲᠤᠷᠰᠢᠬᠢ ᠠᠮᠵᠢᠯᠲᠠ ᠪᠦᠬᠦᠨ ᠨᠠᠮ ᠵᠠᠰᠠᠭ ᠤᠨ ᠬᠠᠯᠠᠭᠤᠨ | ᠬᠠᠯᠠᠮᠵᠢᠯᠠᠯ ᠠᠴᠠ ᠰᠠᠯᠵᠤ ᠴᠢᠳᠠᠬᠤ ᠦᠭᠡᠢ᠂ ᠪᠦᠬᠦ ᠨᠡᠶᠢᠭᠡᠮ ᠨᠡᠶᠢᠲᠡ ᠶᠢᠨ ᠲᠡᠮᠵᠢᠯᠭᠡ ᠬᠠᠷᠠᠭᠠᠯᠵᠠᠯ ᠠᠴᠠ | ᠰᠠᠯᠵᠤ ᠴᠢᠳᠠᠬᠤ ᠦᠭᠡᠢ᠂ ᠡᠯ᠎ᠡ ᠦᠶ᠎ᠡ ᠶᠢᠨ ᠪᠦᠬᠦ ᠪᠠᠭᠰᠢ ᠠᠵᠢᠯᠲᠠᠨ ᠨᠠᠷ ᠤᠨ ᠬᠠᠮᠲᠤ ᠶᠢᠨ | ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠃ ᠪᠢᠳᠠ ᠤᠯᠤᠰ ᠣᠷᠣᠨ ᠤ ᠪᠠᠨ ᠪᠦᠲᠦᠭᠡᠨ | ᠪᠠᠶᠢᠭᠤᠯᠤᠯᠲᠠ ᠳᠤ ᠮᠠᠰᠢ ᠣᠯᠠᠨ ᠡᠷᠳᠡᠮᠲᠡᠨ ᠴᠢᠳᠠᠪᠤᠷᠢᠲᠠᠨ ᠢ ᠬᠥᠮᠥᠵᠢᠭᠦᠯᠵᠦ ᠥᠭᠴᠡᠢ᠂ ᠣᠳᠣ ᠪᠣᠯᠬᠤ | ᠳᠤ ᠮᠠᠨ ᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠳᠡᠯᠡᠬᠡᠢ ᠶᠢᠨ ᠡᠯ᠎ᠡ ᠭᠠᠵᠠᠷ ᠲᠤ ᠲᠠᠷᠬᠠᠨ | ᠰᠠᠭᠤᠷᠢᠰᠢᠵᠤ ᠪᠣᠢ᠃ ᠮᠢᠨᠤ ᠦᠵᠡᠬᠦ ᠪᠠᠷ ᠰᠤᠷᠭᠠᠭᠤᠯᠢ ᠶᠢᠨ ᠠᠵᠢᠯ ᠳᠤ ᠬᠤᠶᠠᠷ ᠵᠦᠢᠯ ᠤᠨ | ᠦᠨᠳᠦᠰᠦᠨ ᠠᠭᠤᠯᠭ᠎ᠠ ᠪᠠᠭᠲᠠᠨ᠎ᠠ ᠂ ᠨᠢᠭᠡ ᠳᠤ᠂ ᠬᠡᠦᠬᠡᠳ ᠢ ᠵᠠᠪᠠᠯ ᠬᠥᠮᠥᠨ ᠪᠣᠯᠭᠠᠬᠤ ᠬᠥᠮᠥᠵᠢᠯ ᠢ | ᠬᠢᠨ᠎ᠡ᠂ ᠳᠠᠷᠤᠢ ᠥᠨᠳᠥᠷ ᠪᠣᠯᠪᠠᠰᠤᠷᠠᠯ ᠲᠠᠢ ᠪᠣᠯᠪᠠᠰᠤᠨ ᠬᠡᠦᠬᠡᠳ ᠪᠣᠯᠭᠠᠨ ᠬᠥᠮᠥᠵᠢᠭᠦᠯᠦᠨ᠎ᠡ᠃ | ᠬᠤᠶᠠᠷ ᠲᠤ ᠂ ᠬᠡᠦᠬᠡᠳ ᠲᠤ ᠬᠢᠴᠢᠶᠡᠯ ᠬᠥᠮᠥᠵᠢᠯ ᠬᠢᠨ᠎ᠡ ᠃ ᠪᠢᠳᠠᠨ ᠤ ᠰᠤᠷᠭᠠᠭᠤᠯᠢ ᠪᠣᠯ ᠮᠣᠩᠭᠤᠯ | ᠰᠤᠷᠭᠠᠭᠤᠯᠢ ᠂ ᠮᠣᠩᠭᠤᠯ ᠰᠤᠷᠭᠠᠭᠤᠯᠢ ᠤᠴᠢᠷ ᠠᠴᠠ ᠪᠢᠳᠠ ᠵᠠᠪᠠᠯ ᠥᠪᠡᠷ ᠤᠨ ᠦᠨᠳᠦᠰᠦᠲᠡᠨ ᠤ ᠪᠠᠨ | ᠦᠭᠡ ᠬᠡᠯᠡ᠂ ᠦᠰᠦᠭ ᠪᠢᠴᠢᠭ᠂ ᠰᠣᠶᠣᠯ ᠂ ᠦᠨᠳᠦᠰᠦᠲᠡᠨ ᠤ ᠰᠢᠯᠢᠳᠡᠭ ᠰᠠᠶᠢᠬᠠᠨ ᠵᠠᠩ ᠵᠠᠩᠰᠢᠯ ᠢ | ᠬᠡᠦᠬᠡᠳ ᠤᠳ ᠲᠤ ᠮᠡᠳᠡᠭᠦᠯᠵᠦ ᠂ ᠵᠠᠯᠭᠠᠮᠵᠢᠯᠠᠵᠤ ᠬᠥᠭᠵᠢᠭᠦᠯᠬᠦ ᠪᠠᠷ ᠴᠢᠷᠮᠠᠶᠢᠨ᠎ᠠ᠃ ᠣᠳᠣ ᠴᠠᠭ ᠲᠤ | ᠬᠡᠦᠬᠡᠳ ᠢᠶᠠᠨ ᠪᠢᠳᠠ ᠵᠠᠪᠠᠯ ᠰᠢᠨ᠎ᠡ ᠴᠠᠭ ᠦᠶ᠎ᠡ ᠳᠤ ᠵᠣᠬᠢᠴᠠᠭᠤᠯᠬᠤ ᠬᠡᠷᠡᠭᠲᠡᠢ᠂ ᠬᠡᠦᠬᠡᠳ ᠢᠶᠠᠨ | ᠵᠠᠪᠠᠯ ᠰᠢᠨ᠎ᠡ ᠴᠠᠭ ᠦᠶ᠎ᠡ ᠳᠤ ᠵᠣᠬᠢᠴᠠᠭᠰᠠᠨ ᠴᠢᠳᠠᠪᠤᠷᠢᠲᠠᠨ ᠪᠣᠯᠭᠠᠬᠤ ᠪᠠᠷ ᠴᠢᠷᠮᠠᠶᠢᠨ᠎ᠠ᠃ ᠡᠴᠦᠰ ᠲᠤ | ᠂ ᠬᠡᠦᠬᠡᠳ ᠢᠶᠠᠨ ᠪᠢᠳᠠ ᠥᠪᠡᠷ ᠤᠨ ᠦᠨᠳᠦᠰᠦᠲᠡᠨ ᠤ ᠥᠪ ᠰᠣᠶᠣᠯ ᠢᠶᠠᠨ ᠵᠠᠯᠭᠠᠮᠵᠢᠯᠠᠵᠤ ᠴᠢᠳᠠᠭᠰᠠᠨ ᠂ | ᠰᠢᠨ᠎ᠡ ᠴᠠᠭ ᠦᠶ᠎ᠡ ᠶᠢᠨ ᠡᠷᠳᠡᠮ ᠮᠡᠳᠡᠯᠭᠡ ᠶᠢ ᠬᠤᠣᠰᠯᠠᠭᠤᠯᠤᠭᠰᠠᠨ ᠡᠷᠳᠡᠮᠲᠡᠨ ᠴᠢᠳᠠᠪᠤᠷᠢᠲᠠᠨ ᠪᠣᠯᠭᠠᠨ | ᠬᠥᠮᠥᠵᠢᠭᠦᠯᠬᠦ ᠪᠣᠯ ᠪᠢᠳᠠᠨ ᠤ ᠬᠠᠮᠤᠭ ᠤᠨ ᠡᠴᠦᠰ ᠤᠨ ᠬᠠᠷᠠᠯᠲᠠ ᠪᠣᠯᠣᠨ᠎ᠠ᠃ ᠶᠡᠷᠦᠩᠬᠡᠢ ᠱᠦᠵᠢ ᠰᠢ | ᠶᠢᠨ ᠫᠢᠢᠩ ᠭᠤᠴᠢᠨ ᠳᠥᠷᠪᠡᠳᠡᠬᠢ ᠤᠳᠠᠭᠠᠨ ᠤ ᠪᠠᠭᠰᠢ ᠶᠢᠨ ᠪᠠᠶᠠᠷ ᠳᠡᠭᠡᠷ᠎ᠡ ᠴᠢᠬᠤᠯᠠ ᠶᠠᠷᠢᠶ᠎ᠠ | ᠲᠠᠯᠪᠢᠵᠤ ᠂ ᠪᠦᠬᠦ ᠤᠯᠤᠰ ᠤᠨ ᠰᠤᠷᠭᠠᠨ ᠬᠥᠮᠥᠵᠢᠯ ᠤᠨ ᠠᠵᠢᠯᠲᠠᠳ ᠤᠨ ᠰᠡᠳᠬᠢᠯ ᠢ | ᠳᠣᠭᠳᠣᠯᠤᠭᠤᠯᠤᠭᠰᠠᠨ ᠶᠤᠮ᠃ ᠶᠡᠷᠦᠩᠬᠡᠢ ᠰᠠᠶᠢᠳ ᠯᠢ ᠺᠧ ᠴᠢᠶᠠᠩ ᠪᠠᠰᠠ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠶᠢ ᠨᠠᠶᠢᠳᠠᠪᠤᠷᠢᠵᠢᠭᠤᠯᠬᠤ ᠬᠤᠷᠠᠯ ᠳᠡᠭᠡᠷ᠎ᠡ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠥᠵᠢᠯ ᠢ ᠶᠡᠭᠡ ᠪᠠᠷ ᠬᠥᠭᠵᠢᠭᠦᠯᠬᠦ᠂ ᠣᠨᠴᠠᠭᠠᠢ ᠰᠤᠷᠭᠠᠨ ᠬᠥᠮᠥᠵᠢᠯ ᠢ ᠶᠡᠭᠡ ᠪᠠᠷ ᠬᠥᠭᠵᠢᠭᠦᠯᠬᠦ ᠂ | ᠦᠨᠳᠦᠰᠦᠲᠡᠨ ᠤ ᠰᠤᠷᠭᠠᠨ ᠬᠥᠮᠥᠵᠢᠯ ᠢ ᠶᠡᠭᠡ ᠪᠠᠷ ᠬᠥᠭᠵᠢᠭᠦᠯᠬᠦ ᠲᠤᠬᠠᠢ ᠴᠢᠬᠤᠯᠠ ᠶᠠᠷᠢᠶ᠎ᠠ | ᠲᠠᠯᠪᠢᠭᠰᠠᠨ ᠪᠠᠶᠢᠨ᠎ᠠ᠃ ᠡᠶᠢᠮᠦ ᠠᠴᠠ ᠪᠢᠳᠠ ᠦᠨᠳᠦᠰᠦᠲᠡᠨ ᠤ ᠰᠤᠷᠭᠠᠨ ᠬᠥᠮᠥᠵᠢᠯ ᠤᠨ ᠢᠷᠡᠭᠡᠳᠦᠢ ᠳᠡᠭᠡᠨ | ᠢᠲᠡᠭᠡᠯ ᠳᠦᠭᠦᠷᠡᠩ ᠪᠠᠶᠢᠨ᠎ᠠ᠂ ᠪᠢᠳᠠ ᠬᠤᠵᠢᠮ ᠤᠨ ᠬᠡᠦᠬᠡᠳ ᠢᠶᠠᠨ ᠶᠣᠰᠣ ᠮᠣᠷᠠᠯ ᠲᠠᠢ᠂ ᠪᠣᠯᠪᠠᠰᠤᠨ᠂ | ᠰᠢᠨ᠎ᠡ ᠴᠠᠭ ᠦᠶ᠎ᠡ ᠶᠢᠨ ᠡᠷᠳᠡᠮ ᠮᠡᠳᠡᠯᠭᠡ ᠶᠢ ᠡᠵᠡᠮᠰᠢᠭᠰᠡᠨ ᠡᠷᠳᠡᠮᠲᠡᠨ ᠴᠢᠳᠠᠪᠤᠷᠢᠲᠠᠨ ᠪᠣᠯᠭᠠᠨ | ᠬᠥᠮᠥᠵᠢᠭᠦᠯᠬᠦ ᠳᠤ ᠭᠠᠨᠵᠤᠭ᠎ᠠ ᠳᠦᠭᠦᠷᠡᠩ ᠪᠠᠶᠢᠨ᠎ᠠ᠂ ᠳᠦᠷᠦᠭᠡ ᠴᠢᠩᠭ᠎ᠠ ᠪᠠᠶᠢᠨ᠎ᠠ᠂ ᠢᠲᠡᠭᠡᠯ ᠳᠦᠭᠦᠷᠡᠩ | ᠪᠠᠶᠢᠨ᠎ᠠ᠃ | | | | | | | | | | | | | | | | | | | | | | ᠲᠥᠪ ᠷᠠᠳᠢᠣ᠋ ᠶᠢᠨ ᠰᠤᠷᠪᠤᠯᠵᠢᠯᠠᠭᠴᠢ ᠨᠠᠶᠢᠷᠰᠠᠭ᠂ ᠠᠷᠠᠳ ᠤᠨ ᠰᠦᠯᠵᠢᠶᠡᠨ ᠤ ᠰᠤᠷᠪᠤᠯᠵᠢᠯᠠᠭᠴᠢ | ᠢᠯᠠᠯᠲᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠮᠥᠩᠬᠡᠪᠠᠶᠠᠷ᠂ ᠪᠣᠣ | ᠵᠢᠶᠦ᠋ᠨ᠂ ᠡᠷᠳᠡᠨᠢᠰᠤᠪᠤᠳ᠂ ᠵᠠᠶᠠᠭᠠᠬᠦᠦ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ | ᠰᠤᠷᠪᠤᠯᠵᠢᠯᠠᠭᠴᠢ ᠣᠳᠣ᠂ ᠴᠡᠯᠮᠡᠭ ᠬᠠᠮᠲᠤᠷᠠᠨ ᠮᠡᠳᠡᠭᠡᠯᠡᠪᠡ᠃ |