ᠰᠢᠨᠬᠤᠸᠠ ᠬᠤᠷᠢᠶᠠᠨ ᠤ ᠬᠦᠭᠡᠬᠤᠲᠠ ᠶᠢᠨ 9 ᠰᠠᠷ᠎ᠠ ᠶᠢᠨ 13 ᠤ ᠡᠳᠤᠷ ᠤᠨ ᠮᠡᠳᠡᠭᠡ | ︵ᠰᠤᠷᠪᠤᠯᠵᠢᠯᠠᠭᠴᠢ ᠤᠷᠢᠬᠠᠨ︶ ᠰᠤᠷᠪᠤᠯᠵᠢᠯᠠᠭᠴᠢ 13 ᠤ ᠡᠳᠤᠷ ᠦᠪᠤᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠬᠦᠭᠡᠬᠤᠲᠠ ᠳᠤ ᠶᠠᠪᠤᠭᠳᠠᠭᠰᠠᠨ ᠲᠤᠮᠳᠠᠳᠤ ᠤᠯᠤᠰ ᠤᠨ ᠲᠠᠪᠤᠳᠤᠭᠠᠷ ᠬᠤᠭᠤᠴᠠᠭᠠᠨ ᠤ ᠮᠤᠩᠭᠤᠯ | ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠠᠴᠠ ᠤᠢᠢᠯᠠᠭᠠᠭᠰᠠᠨ | ᠨᠢ᠂ ᠤᠳᠤᠬᠠᠨ ᠳᠤ᠂ ᠮᠠᠨ ᠤ ᠤᠯᠤᠰ ᠤᠨ ᠮᠤᠩᠭᠤᠯ ᠰᠤᠳᠤᠯᠤᠯ ᠳᠤ ᠰᠢᠨ᠎ᠡ ᠬᠦᠭᠵᠢᠯᠲᠡ ᠶᠢᠨ ᠬᠠᠨᠳᠤᠰᠢ | ᠢᠯᠡᠷᠡᠵᠤ᠂ ᠰᠤᠳᠤᠯᠭᠠᠨ ᠤ ᠠᠷᠭ᠎ᠠ ᠨᠢ ᠤᠯᠠᠨ ᠡᠰᠢᠴᠢᠯᠡᠭ᠊ ᠤ᠋᠂ ᠤᠳᠤᠬᠢᠴᠢᠯᠠᠬᠤ ᠴᠢᠭᠯᠡᠯ ᠢᠶᠠᠷ ᠬᠦᠭᠵᠢᠵᠤ᠂ ᠮᠤᠩᠭᠤᠯ | ᠬᠡᠯᠡ᠂ ᠬᠢᠳᠠᠳ ᠬᠡᠯᠡᠨ ᠤ ᠰᠤᠳᠤᠯᠭᠠᠨ ᠤ ᠮᠠᠲ᠋ᠧᠷᠢᠶᠠᠯ ᠳᠤ ᠯᠡ ᠲᠦᠰᠢᠭᠯᠡᠵᠤ ᠪᠠᠶᠢᠭᠰᠠᠨ ᠠᠴᠠ ᠪᠠᠨ ᠤᠯᠠᠨ | ᠦᠨᠳᠦᠰᠦᠲᠡᠨ ᠤ ᠦᠰᠦᠭ ᠪᠢᠴᠢᠭ ᠵᠢᠴᠢ ᠬᠠᠷᠢ ᠬᠡᠯᠡᠨ ᠤ ᠮᠠᠲ᠋ᠧᠷᠢᠶᠠᠯ ᠪᠠ ᠲᠤᠭ᠎ᠠ ᠪᠠᠷᠢᠮᠲᠠ ᠶᠢᠨ ᠬᠦᠮᠦᠷᠭᠡ ᠶᠢ | ᠬᠦᠢᠴᠡᠳ ᠠᠰᠢᠭᠯᠠᠬᠤ ᠲᠡᠰᠢ ᠬᠦᠭᠵᠢᠵᠤ᠂ ᠴᠤ᠋ ᠰᠢᠨ᠎ᠡ ᠬᠦᠭᠵᠢᠯᠲᠡ ᠶᠢᠨ ᠴᠠᠭ ᠦᠶ᠎ᠡ ᠳᠤ ᠤᠷᠤᠵᠤ ᠪᠠᠶᠢᠨ᠎ᠠ᠃ | | ᠮᠤᠩᠭᠤᠯ ᠰᠤᠳᠤᠯᠤᠯ ᠪᠤᠯ ᠮᠤᠩᠭᠤᠯ ᠦᠨᠳᠦᠰᠦᠲᠡᠨ ᠪᠤᠯᠤᠨ ᠮᠤᠩᠭᠤᠯ ᠦᠨᠳᠦᠰᠦᠲᠡᠨ ᠲᠠᠢ ᠭᠠᠷᠤᠯ | ᠨᠢᠭᠡᠲᠠᠢ ᠦᠨᠳᠦᠰᠦᠲᠡᠨ ᠤ ᠲᠡᠦᠭᠡ ᠰᠤᠶᠤᠯ ᠢᠶᠠᠷ ᠰᠤᠳᠤᠯᠤᠭᠳᠠᠬᠤᠨ ᠢᠶᠠᠨ ᠪᠤᠯᠭᠠᠭᠰᠠᠨ ᠶᠡᠷᠦᠩᠭᠡᠶᠢᠯᠡᠭᠰᠡᠨ | ᠴᠢᠨᠠᠷᠲᠠᠢ ᠰᠢᠨᠵᠢᠯᠡᠭᠡᠨ ᠤ ᠰᠠᠯᠠᠭ᠎ᠠ ᠮᠦᠨ ᠪᠠᠶᠢᠵᠤ᠂ ᠲᠡᠯᠡᠭᠡᠢ ᠨᠡᠶᠢᠲᠡ ᠳᠤ ᠮᠠᠰᠢ ᠦᠷᠭᠡᠨ ᠲᠡᠯᠭᠡᠷ ᠨᠦᠯᠦᠭᠡ | ᠲᠠᠢ ᠶᠤᠮ᠃ ᠲᠤᠰ ᠬᠤᠭᠤᠴᠠᠭᠠᠨ ᠤ ᠰᠤᠳᠤᠯᠤᠨ ᠶᠠᠷᠢᠯᠴᠠᠬᠤ ᠬᠤᠷᠠᠯ ᠲᠡᠭᠡᠷ᠎ᠡ ᠲᠤᠮᠳᠠᠳᠤ ᠤᠯᠤᠰ᠂ ᠮᠤᠩᠭᠤᠯ | ᠤᠯᠤᠰ᠂ ᠠᠮᠧᠷᠢᠺᠠ᠂ ᠤᠷᠤᠰ᠂ ᠶᠠᠫᠤᠨ᠂ ᠹᠷᠠᠨᠼᠢ ᠵᠡᠷᠭᠡ ᠤᠯᠤᠰ ᠤᠨ 180 ᠭᠠᠷᠤᠢ ᠮᠤᠩᠭᠤᠯ ᠰᠤᠳᠤᠯᠤᠯ ᠤᠨ | ᠡᠷᠳᠡᠮᠳᠡᠨ ᠮᠡᠷᠭᠡᠵᠢᠯᠲᠡᠨ ᠬᠤᠷᠠᠨ ᠴᠤᠭᠯᠠᠷᠠᠵᠤ᠂ ︽ᠮᠤᠩᠭᠤᠯ ᠦᠨᠳᠦᠰᠦᠲᠡᠨ ᠤ ᠰᠤᠶᠤᠯ ᠪᠠ ᠤᠳᠤ ᠦᠶ᠎ᠡ ᠶᠢᠨ | ᠪᠤᠯᠪᠠᠰᠤᠨ︾ ᠭᠡᠬᠦ ᠭᠤᠤᠯ ᠰᠡᠳᠦᠪ ᠤᠨ ᠲᠤᠭᠤᠷᠢᠨ ᠳᠤ ᠬᠦᠨᠵᠡᠭᠡᠢ ᠶᠠᠷᠢᠯᠴᠠᠭ᠎ᠠ ᠦᠷᠨᠢᠬᠦᠯᠦᠭᠰᠡᠨ ᠪᠠᠶᠢᠨ᠎ᠠ᠃ | | ᠲᠤᠮᠳᠠᠳᠤ ᠤᠯᠤᠰ ᠤᠨ ᠮᠤᠩᠭᠤᠯ ᠰᠤᠳᠤᠯᠤᠯ ᠤᠨ ᠨᠡᠶᠢᠭᠡᠮᠯᠢᠭ ᠤᠨ ᠨᠠᠷᠢᠨ ᠪᠢᠴᠢᠭᠡᠴᠢ ᠶᠢᠨ ᠲᠠᠷᠤᠭ᠎ᠠ ᠶᠢᠨ | ᠬᠠᠢ ᠵᠢᠨᠬᠡᠯᠡᠬᠦ ᠪᠠᠷ᠂ ᠤᠢᠢᠷ᠎ᠠ ᠶᠢᠨ ᠵᠢᠯ ᠳᠤ᠂ ᠰᠢᠨ᠎ᠡ ᠮᠡᠷᠭᠡᠵᠢᠯ ᠤᠨ ᠠᠷᠭ᠎ᠠ ᠪᠠᠷ ᠮᠤᠩᠭᠤᠯ ᠰᠤᠳᠤᠯᠤᠯ ᠤᠨ | ᠬᠤᠪᠤᠷ ᠨᠠᠨᠳᠢᠨᠰᠤᠷᠪᠤᠯᠵᠢ ᠪᠢᠴᠢᠭ ᠢ ᠡᠮᠬᠢᠯᠡᠨ ᠲᠢᠭᠯᠡᠬᠦ᠂ ᠬᠠᠷᠭᠤᠭᠤᠯᠵᠤ ᠰᠤᠳᠤᠯᠬᠤ ᠰᠢᠨ᠎ᠡ ᠬᠡᠯᠪᠡᠷᠢ ᠶᠢᠨ | ᠰᠤᠳᠤᠯᠭᠠᠨ ᠶᠠᠭ ᠰᠤᠳᠤᠯᠭᠠᠲᠠᠳ ᠤᠨ ᠠᠩᠬᠠᠷᠤᠯ ᠢ ᠲᠠᠳᠠᠵᠤ ᠪᠠᠶᠢᠨ᠎ᠠ᠃ 13 ᠳ᠋ᠤᠭᠠᠷ ᠵᠠᠭᠤᠨ ᠠᠴᠠ 14 ᠳ᠋ᠤᠭᠡᠷ | ᠵᠠᠭᠤᠨ ᠤ ᠬᠤᠭᠤᠷᠤᠨᠳᠤ ᠪᠢᠴᠢᠭᠳᠡᠭᠰᠡᠨ ᠮᠤᠩᠭᠤᠯ ᠦᠨᠳᠦᠰᠦᠲᠡᠨ ᠤ ᠲᠡᠦᠭᠡ ᠶᠢᠨ ᠲᠤᠮᠤ ᠪᠦᠲᠦᠭᠡᠯ —— | ︽ᠮᠤᠩᠭᠤᠯ ᠤᠨ ᠨᠢᠭᠤᠴᠠ ᠲᠤᠪᠴᠢᠶᠠᠨ︾ ᠢᠶᠠᠷ ᠲᠦᠯᠦᠭᠡᠯᠡᠬᠦᠯᠦᠭᠰᠡᠨ ᠡᠯ᠎ᠡ ᠲᠦᠷᠦᠯ ᠤᠨ ᠰᠤᠷᠪᠤᠯᠵᠢ ᠪᠢᠴᠢᠭ ᠤᠨ | ᠰᠤᠳᠤᠯᠤᠯ ᠴᠢᠨᠠᠭᠰᠢᠲᠠ ᠬᠦᠨᠵᠡᠭᠡᠶᠢᠷᠡᠵᠤ᠂ ᠬᠡᠪᠯᠡᠯ ᠬᠠᠷᠭᠤᠭᠤᠯᠭ᠎ᠠ᠂ ᠤᠷᠴᠢᠭᠤᠯᠭ᠎ᠠ᠂ ᠠᠪᠢᠶ᠎ᠠ᠂ ᠦᠭᠡᠰ ᠤᠨ | ᠰᠠᠩ᠂ ᠦᠭᠡ ᠵᠦᠢ ᠶᠢᠨ ᠰᠤᠳᠤᠯᠭᠠᠨ ᠪᠦᠬᠦ ᠲᠠᠯ᠎ᠠ ᠪᠠᠷ ᠠᠬᠢᠵᠤ᠂ ᠨᠢᠭᠡᠨᠲᠡ 20 ᠰᠢᠬᠠᠮ ᠪᠤᠳᠢ ᠬᠠᠮᠢᠶ᠎ᠠ ᠪᠦᠬᠦᠢ | ᠰᠤᠳᠤᠯᠭᠠᠨ ᠤ ᠪᠦᠲᠦᠭᠡᠯ ᠬᠡᠪᠯᠡᠭᠳᠡᠨ ᠨᠡᠶᠢᠲᠡᠯᠡᠭᠳᠡᠵᠤ᠂ ᠡᠷᠳᠡᠨ ᠤ ᠮᠤᠩᠭᠤᠯ ᠬᠡᠯᠡᠨ ᠤ ᠠᠪᠢᠶ᠎ᠠ᠂ ᠬᠡᠯᠡ ᠵᠦᠢ᠂ | ᠦᠭᠡᠰ ᠤᠨ ᠰᠠᠩ ᠤᠨ ᠤᠯᠠᠷᠢᠯ ᠬᠤᠪᠢᠷᠠᠯ ᠤᠨ ᠲᠤᠬᠠᠢ ᠰᠤᠳᠤᠯᠭᠠᠨ ᠰᠢᠨ᠎ᠡ ᠠᠮᠵᠢᠯᠲᠠᠤᠯᠪᠠ᠃ | ᠤᠯᠠᠨ ᠤᠯᠤᠰ ᠤᠨ ᠮᠤᠩᠭᠤᠯ ᠰᠤᠳᠤᠯᠤᠯ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ᠂ ᠠᠮᠧᠷᠢᠺᠠ ᠶᠢᠨ | ᠫᠧᠨ᠋ᠰᠢᠯᠧᠠᠨᠢᠶᠠ ᠶᠡᠭᠡ ᠰᠤᠷᠭᠠᠭᠤᠯᠢ ᠶᠢᠨ ᠫᠷᠤᠹᠧᠰᠰᠤᠷ ᠠᠲᠸᠤᠳ᠋ ᠬᠡᠯᠡᠬᠦ ᠳᠡᠭᠡᠨ᠂ ᠤᠳᠤᠬᠠᠨ ᠳᠤ ᠮᠤᠩᠭᠤᠯ | ᠰᠤᠳᠤᠯᠤᠯ ᠤᠨ ᠡᠯ᠎ᠡ ᠬᠦᠷᠢᠶᠡᠨ ᠤ ᠬᠦᠨᠵᠡᠭᠡᠢ ᠬᠦᠭᠵᠢᠯᠲᠡ ᠶᠢ ᠲᠠᠭᠠᠯᠳᠤᠨ᠂ ᠡᠷᠳᠡᠮ ᠰᠢᠨᠵᠢᠯᠡᠬᠡᠨ ᠤ ᠦᠷ᠎ᠡ | ᠪᠦᠲᠦᠭᠡᠯ ᠤᠨ ᠲᠤᠭ᠎ᠠ ᠬᠡᠮᠵᠢᠶ᠎ᠡ ᠶᠢ ᠪᠢᠰᠢ ᠬᠠᠷᠢᠨ ᠴᠢᠨᠠᠷ ᠴᠢᠨᠰᠠᠭ᠎ᠠ ᠶᠢ ᠶᠠᠪᠤᠬᠤ ᠲᠤᠳᠤᠮ ᠴᠢᠬᠤᠯᠠᠴᠢᠯᠠᠬᠤ ᠪᠤᠯᠵᠤ | ᠂ ᠠᠳᠠᠯᠢ ᠠᠵᠢᠯ ᠲᠦᠷᠦᠯ ᠤᠨ ᠬᠢᠨᠠᠨ ᠰᠢᠯᠭᠠᠬᠤ ᠲᠤᠭᠲᠠᠴᠠ ᠨᠢ ᠶᠠᠭ ᠮᠤᠩᠭᠤᠯ ᠰᠤᠳᠤᠯᠤᠯ ᠤᠨ ᠬᠦᠭᠵᠢᠯᠲᠡ ᠶᠢᠨ | ᠶᠠᠪᠤᠴᠠ ᠳᠠᠬᠢ ᠴᠢᠬᠤᠯᠠ ᠪᠦᠷᠢᠯᠳᠦᠬᠦᠨ ᠬᠡᠰᠡᠭ ᠪᠤᠯᠵᠤ ᠪᠠᠶᠢᠨ᠎ᠠ᠃ ᠨᠡᠭᠡᠭᠡᠯᠲᠡᠳᠤ ᠤᠪᠤᠷ ᠪᠠ ᠦᠡᠭᠭᠡᠷᠡᠭᠰᠡᠨ ᠤ | ᠦᠵᠡᠯᠲᠡ ᠲᠠᠨᠢᠯᠳᠠ ᠳᠤ ᠰᠡᠵᠢᠭᠯᠡᠯᠲᠠᠢ ᠪᠠᠷ ᠬᠠᠨᠳᠤᠬᠤ ᠤᠪᠤᠷ ᠨᠢ ᠮᠤᠩᠭᠤᠯ ᠰᠤᠳᠤᠯᠤᠯ ᠤᠨ ᠬᠦᠭᠵᠢᠯᠲᠡ ᠶᠢ | ᠠᠬᠢᠭᠤᠯᠬᠤ ᠳᠤ ᠠᠰᠢᠭᠲᠠᠢ ᠶᠤᠮ ᠭᠡᠵᠠᠢ᠃ | ᠤᠢᠢᠯᠠᠭᠠᠭᠰᠠᠨ ᠢᠶᠠᠷ᠂ ᠮᠤᠩᠭᠤᠯ ᠰᠤᠳᠤᠯᠤᠯ ᠳᠤ ᠴᠦᠭᠡᠨ ᠪᠤᠰᠤ ᠴᠢᠬᠤᠯᠠ ᠰᠤᠶᠤᠯ ᠤᠨ ᠦᠷᠲᠡᠭ ᠪᠠ | ᠤᠯᠠᠮᠵᠢᠯᠠᠨᠵᠠᠯᠭᠠᠮᠵᠢᠯᠠᠬᠤ ᠦᠷᠲᠡᠭ ᠪᠦᠬᠦᠢ ︽ᠤᠳᠤᠮ ᠲᠠᠰᠤᠷᠠᠭᠰᠠᠨ ᠰᠤᠳᠤᠯᠭ᠎ᠠ︾᠂ ︽ᠠᠩᠬᠠᠷᠤᠯ ᠢ ᠲᠠᠲᠠᠲᠠᠭ | ᠦᠭᠡᠢ ᠰᠢᠨᠵᠢᠯᠡᠭᠡᠨ ᠤ ᠰᠠᠯᠠᠭ᠎ᠠ︾ ᠠᠭᠤᠯᠤᠭᠳᠠᠵᠤ ᠪᠠᠶᠢᠨ᠎ᠠ᠃ ᠵᠢᠱᠢᠶᠡᠯᠡᠪᠡᠯ᠂ ᠮᠤᠩᠭᠤᠯ ᠦᠨᠳᠦᠰᠦᠲᠡᠨ ᠲᠠᠢ | ᠬᠤᠯᠪᠤᠭᠳᠠᠬᠤ ᠦᠯᠡᠮᠵᠢ ᠲᠤᠭᠠᠨ ᠤ ᠲᠦᠪᠡᠳ ᠰᠤᠳᠤᠷ ᠪᠤᠯᠤᠨ ᠫᠧᠷᠰ ᠬᠡᠯᠡ᠂ ᠠᠷᠠᠪ ᠬᠡᠯᠡ᠂ ᠮᠠᠨᠵᠤ ᠬᠡᠯᠡᠨ ᠤ | ᠰᠤᠷᠪᠤᠯᠵᠢ ᠪᠢᠴᠢᠭ ᠵᠡᠷᠭᠡ ᠰᠤᠶᠤᠯ ᠤᠨ ᠪᠠᠶᠠᠯᠢᠭ ᠠᠭᠤᠷᠬᠠᠢ ᠬᠠᠷᠠᠬᠠᠨ ᠠᠭᠤᠳᠠᠯᠤᠭᠠᠳᠤᠢ ᠪᠠᠶᠢᠭᠰᠠᠭᠠᠷ ᠪᠦᠭᠡᠳ | ᠤᠯᠠᠮᠵᠢᠯᠠᠯ ᠲᠠᠰᠤᠷᠠᠬᠤ ᠠᠶᠤᠯ ᠳᠤ ᠲᠤᠯᠭᠠᠷᠠᠵᠤ᠂ ᠲᠠᠷᠤᠢ ᠲᠦᠷᠭᠡᠨ ᠠᠪᠤᠷᠠᠨ ᠬᠠᠮᠠᠭᠠᠯᠠᠵᠤ ᠰᠤᠳᠤᠯᠬᠤ | ᠴᠢᠬᠤᠯᠠᠲᠠᠢ ᠪᠠᠶᠢᠨ᠎ᠠ᠃ |