ᠮᠠᠨ ᠤ ᠬᠤᠲᠠ ᠶᠢᠨ ᠫᠠᠶᠢᠰᠠ ᠢᠯᠡᠷᠬᠡᠶᠢᠯᠡᠯ ᠳᠡᠭᠡᠷ᠎ᠡ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠵᠠᠰᠠᠨ ᠴᠡᠭᠴᠡᠯᠡᠬᠦ ᠠᠵᠢᠯ ᠣᠷᠣᠨ ᠤ ᠲᠡᠷᠢᠭᠦᠨ ᠳᠤ ᠶᠠᠪᠤᠵᠤ ᠪᠤᠢ
ᠨᠡᠶᠢᠲᠡᠯᠡᠭᠰᠡᠨ ᠴᠠᠭ᠄
2018/9/25
      ᠨᠡᠶᠢᠭᠡᠮ ᠤᠨ ᠥᠩᠭᠡᠨ ᠬᠡᠷᠡᠭᠯᠡᠭᠡᠨ ᠳᠡᠭᠡᠷ᠎ᠡ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠪᠣᠯ ᠨᠠᠮ ᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠤᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠣᠷᠴᠢᠮ ᠤᠨ ᠵᠢᠯ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠣᠷᠳᠣᠨ ᠠᠴᠠ ᠨᠡᠶᠢᠭᠡᠮ ᠤᠨ ᠥᠩᠭᠡᠨ ᠬᠡᠷᠡᠭᠯᠡᠭᠡᠨ ᠳᠡᠭᠡᠷ᠎ᠡ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡᠴᠢᠯᠡᠨ  ﹇ᠬᠤᠲᠠ ᠶᠢ ᠴᠣᠭᠴᠠᠯᠠᠨ ᠪᠠᠶᠢᠭᠤᠯᠬᠤ﹈ ᠠᠵᠢᠯ ᠳᠤ ᠣᠷᠣᠭᠤᠯᠪᠠ᠃  ﹇ᠬᠠᠷᠢᠶ᠎ᠠ ᠭᠠᠵᠠᠷ ᠠᠴᠠ ᠬᠠᠮᠢᠶᠠᠷᠬᠤ᠂ ᠡᠬᠢ ᠠᠴᠠ ᠨᠢ ᠵᠠᠰᠠᠬᠤ᠂ ᠰᠠᠯᠠᠭ᠎ᠠ ᠮᠥᠴᠢᠷ ᠠᠴᠠ ᠬᠠᠮᠲᠤᠷᠠᠯᠴᠠᠬᠤ᠂ ᠨᠡᠶᠢᠭᠡᠮ ᠠᠴᠠ ᠣᠷᠣᠯᠴᠠᠬᠤ﹈ ᠵᠠᠷᠴᠢᠮ ᠶᠣᠰᠣᠭᠠᠷ᠂ 2014 ᠣᠨ ᠠᠴᠠ 2017 ᠣᠨ ᠪᠣᠯᠲᠠᠯᠠᠬᠢ 4 ᠵᠢᠯ ᠳᠤ ᠨᠡᠶᠢᠭᠡᠮ ᠤᠨ ᠥᠩᠭᠡᠨ ᠬᠡᠷᠡᠭᠯᠡᠭᠡᠨ ᠳᠡᠭᠡᠷ᠎ᠡ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠵᠢᠯ ᠳᠠᠷᠠᠭᠠᠯᠠᠨ ᠲᠥᠪᠯᠡᠷᠡᠭᠦᠯᠦᠨ ᠥᠷᠨᠢᠭᠦᠯᠵᠦ᠂ ᠮᠠᠨ ᠤ ᠬᠤᠲᠠ ᠶᠢᠨ ᠮᠣᠩᠭᠤᠯ  ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠵᠢᠷᠤᠮᠵᠢᠯ᠂ ᠬᠠᠤᠯᠢᠵᠢᠯ᠂ ᠪᠠᠷᠢᠮᠵᠢᠶᠠᠵᠢᠯ ᠲᠡᠶᠢᠰᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃       ᠣᠷᠴᠢᠮ ᠤᠨ ᠵᠢᠯ ᠠᠴᠠ ᠨᠠᠭᠠᠰᠢ᠂ ᠮᠠᠨ ᠤ ᠬᠤᠲᠠ  ︽ᠥᠪᠡᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠦᠰᠦᠭ ᠪᠢᠴᠢᠭ ᠤᠨ ᠠᠵᠢᠯ ᠤᠨ ᠳᠦᠷᠢᠮ︾  ︽ᠬᠦᠭᠡᠬᠤᠳᠠ ᠶᠢᠨ ᠨᠡᠶᠢᠭᠡᠮ ᠤᠨ ᠥᠩᠭᠡᠨ ᠭᠡᠷᠡᠭᠯᠡᠭᠡᠠ ᠳᠡᠭᠡᠷ᠎ᠡ ᠮᠤᠩᠭᠤᠯ ᠬᠢᠳᠡᠦᠠ ᠬᠤᠶᠡᠷ ᠵᠦᠢᠯ ᠤᠨ ᠤᠢᠰᠦᠭ ᠪᠢᠴᠢᠭ ᠢ ᠵᠡᠷᠭᠡ ᠪᠠᠷ ᠭᠡᠷᠡᠭᠯᠡᠬᠦ ᠬᠠᠮᠢᠶᠡᠷᠦᠯᠳᠠ ᠶᠢᠨ ᠠᠷᠭ᠎ᠠ︾᠂ ᠣᠨᠴᠠᠭᠠᠶᠢᠯᠠᠨ 2017 ᠣᠨ ᠤ ᠥᠪᠡᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠦᠶ᠎ᠡ ᠪᠠᠷ᠂ ᠮᠠᠨ ᠤ ᠬᠤᠲᠠ ᠠᠴᠠ ᠠᠯᠢ ᠣᠯᠠᠨ ᠦᠨᠳᠦᠰᠦᠲᠡᠨ ᠤ ᠣᠨᠴᠠᠯᠢᠭᠲᠤ ᠦᠵᠡᠮᠵᠢ ᠶᠢᠨ ᠵᠡᠭᠡᠯᠢ ᠭᠤᠳᠣᠮᠵᠢ ᠶᠢ ᠴᠣᠭᠴᠠᠯᠠ ᠪᠠᠶᠢᠭᠤᠯᠵᠦ᠂ ᠫᠠᠶᠢᠰᠠ ᠢᠯᠡᠷᠬᠡᠶᠢᠯᠡᠯ ᠤᠨ ᠮᠣᠩᠭᠤᠯ ᠬᠢᠲᠠᠳ ᠦᠰᠦᠭ  ᠪᠢᠴᠢᠭ ᠢ ᠴᠡᠭᠴᠡᠯᠡᠨ ᠵᠠᠰᠠᠬᠤ ᠠᠵᠢᠯ ᠴᠤ ᠪᠠᠶᠠᠷᠯᠠᠭᠤᠰᠢᠲᠠᠢ ᠠᠮᠵᠢᠯᠲᠠ ᠣᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠴᠠᠭᠠᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠠᠶᠢᠰᠢᠶᠠᠯ ᠢ ᠬᠦᠷᠲᠡᠭᠰᠡᠨ ᠮᠥᠷᠲᠡᠭᠡᠨ᠂ ᠪᠦᠬᠦ ᠣᠷᠣᠨ ᠤ ᠭᠤᠷᠪᠠᠳᠤᠭᠠᠷ ᠤᠳᠠᠭᠠᠨ ᠤ ᠮᠣᠩᠭᠤᠯ ᠦᠰᠦᠭ ᠪᠢᠴᠢᠭ ᠤᠨ ᠠᠬᠤᠢ ᠲᠠᠯᠠᠪᠠᠢ ᠶᠢᠨ ᠬᠤᠷᠠᠯ ᠳᠡᠭᠡᠷ᠎ᠡ ᠭᠤᠣᠯᠳᠠᠭ᠎ᠠ ᠲᠠᠢ ᠶᠠᠷᠢᠶ᠎ᠠ ᠲᠠᠯᠪᠢᠵᠤ᠂ ᠪᠦᠬᠦ ᠣᠷᠣᠨ ᠤ 12 ᠠᠶᠢᠮᠠᠭ ᠬᠤᠲᠠ ᠳᠤ ᠲᠤᠷᠰᠢᠯᠭ᠎ᠠ ᠢᠶᠠᠨ ᠲᠠᠨᠢᠯᠴᠠᠭᠤᠯᠤᠭᠰᠠᠨ ᠪᠠᠶᠢᠨ᠎ᠠ᠃  ᠲᠡᠭᠦᠨᠴᠢᠯᠡᠨ᠂ ᠮᠠᠨ ᠤ ᠬᠤᠲᠠ ᠪᠦᠬᠦ ᠣᠷᠣᠨ ᠤ ᠭᠤᠷᠪᠠᠳᠤᠭᠠᠷ ᠤᠳᠠᠭᠠᠨ ᠤ ᠮᠣᠩᠭᠤᠯ ᠦᠰᠦᠭ ᠪᠢᠴᠢᠭ ᠤᠨ ᠠᠵᠢᠯ ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠵᠤ᠂ 102 ᠬᠤᠰᠢᠭᠤ ᠰᠢᠶᠠᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯᠲᠠᠨ ᠤ ᠲᠥᠯᠥᠭᠡᠯᠡᠭᠴᠢᠳ ᠮᠠᠨ ᠤ ᠬᠤᠲᠠ ᠶᠢᠨ ᠴᠡᠭᠴᠡᠯᠡᠨ ᠵᠠᠰᠠᠭᠰᠠᠨ ᠵᠡᠭᠡᠯᠢ ᠭᠤᠳᠤᠮᠵᠢ ᠪᠠᠷ ᠲᠣᠭᠤᠷᠢᠨ ᠦᠵᠡᠵᠦ ᠂ ᠮᠠᠨ ᠤ ᠬᠤᠲᠠ ᠶᠢᠨ ᠫᠠᠶᠢᠰᠠ ᠢᠯᠡᠷᠬᠡᠶᠢᠯᠡᠯ ᠳᠡᠭᠡᠷ᠎ᠡ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠶᠢ ᠭᠦᠢᠴᠡᠳ ᠦᠨᠡᠯᠡᠭᠰᠡᠨ ᠪᠠᠶᠢᠨ᠎ᠠ᠃      2014 ᠣᠨ ᠤ 1 ᠳ᠋ᠦ᠋ᠭᠡᠷ ᠰᠠᠷ᠎ᠠ ᠳᠤ᠂ ᠮᠠᠨ ᠤ ᠬᠤᠲᠠ ᠨᠡᠶᠢᠭᠡᠮ ᠤᠨ ᠥᠩᠭᠡᠨ ᠬᠡᠷᠡᠭᠯᠡᠭᠡᠨ ᠳᠡᠭᠡᠷ᠎ᠡ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠳᠤ ᠴᠡᠭᠴᠡᠯᠡᠨ ᠵᠠᠰᠠᠯᠲᠠ ᠬᠢᠬᠦ ᠶᠢ ᠪᠦᠬᠦ ᠲᠠᠯ᠎ᠠ ᠪᠠᠷ ᠥᠷᠨᠢᠭᠦᠯᠵᠦ᠂ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠵᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠬᠢᠨᠠᠨ ᠰᠢᠯᠭᠠᠬᠤ ᠠᠯᠪᠠᠨ ᠭᠡᠷ ᠢ ᠪᠠᠶᠢᠭᠤᠯᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠴᠡᠭᠴᠡᠯᠡᠨ ᠵᠠᠰᠠᠬᠤ ᠠᠵᠢᠯ ᠤᠨ ᠡᠭᠦᠷᠭᠡ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠬᠤᠰᠢᠭᠤ ᠰᠢᠶᠠᠨ ᠲᠣᠭᠤᠷᠢᠭ 2014 ᠣᠨ ᠳᠤ ᠵᠠᠰᠠᠬᠤ ᠵᠠᠯᠠᠷᠠᠭᠤᠯᠬᠤ ᠠᠵᠢᠯ ᠢ ᠪᠦᠬᠦᠨ ᠢ ᠪᠡᠶᠡᠯᠡᠭᠦᠯᠵᠦ᠂ 2015 ᠣᠨ ᠳᠤ ᠪᠠᠷᠢᠮᠵᠢᠶᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠱᠠᠭᠠᠷᠳᠠᠪᠠ᠃ ᠡᠯ᠎ᠡ ᠬᠤᠰᠢᠭᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠵᠦ ᠪᠠᠶᠢᠭ᠎ᠠ ᠰᠠᠯᠠᠭ᠎ᠠ ᠮᠥᠴᠢᠷ ᠠᠴᠠ ᠲᠥᠯᠥᠪᠦᠷᠢ ᠦᠭᠡᠢ ᠪᠠᠷ ᠣᠷᠴᠢᠭᠤᠯᠬᠤ᠂ ᠬᠢᠨᠠᠬᠤ᠂ ᠳᠠᠪᠲᠠᠨ ᠬᠢᠨᠠᠬᠤ ᠦᠢᠯᠡᠴᠢᠯᠡᠭᠡ ᠵᠢᠴᠢ ᠫᠠᠶᠢᠰᠠ ᠢᠯᠡᠷᠬᠡᠶᠢᠯᠡᠯ ᠢ ᠵᠠᠰᠠᠨ ᠴᠡᠭᠴᠡᠯᠡᠬᠦ ᠠᠵᠢᠯ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠥᠩᠭᠡᠷᠡᠭᠰᠡᠨ ᠤ ᠳᠤᠲᠠᠭᠤ᠂ ᠡᠪᠳᠡᠷᠡᠭᠰᠡᠨ᠂ ᠪᠤᠷᠤᠭᠤᠳᠠᠭᠰᠠᠨ᠂ ᠡᠳ᠋ ᠮᠠᠲ᠋ᠧᠷᠢᠶᠠᠯ ᠠᠳᠠᠯᠢ ᠦᠭᠡᠢ᠂ ᠮᠣᠩᠭᠤᠯ ᠬᠢᠲᠠᠳ ᠦᠰᠦᠭ ᠪᠢᠴᠢᠭ ᠤᠨ ᠬᠠᠷᠢᠴᠠᠯ ᠨᠢ ᠵᠣᠬᠢᠮᠵᠢ ᠦᠭᠡᠢ ᠫᠠᠶᠢᠰᠠ ᠢᠯᠡᠷᠬᠡᠶᠢᠯᠡᠯ ᠪᠦᠷ ᠦᠨᠳᠦᠰᠦᠨ ᠳᠤ ᠪᠠᠨ ᠰᠢᠨᠡᠴᠢᠯᠡᠭᠳᠡᠭᠰᠡᠨ ᠪᠠᠶᠢᠨ᠎ᠠ᠃ 2017 ᠣᠨ ᠳᠤ ᠬᠤᠲᠠ ᠶᠢᠨ ᠳᠥᠷᠪᠡᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠮᠣᠩᠭᠤᠯ  ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯ ᠢ ᠵᠡᠭᠡᠯᠢ ᠭᠤᠳᠤᠮᠵᠢ ᠶᠢ ᠭᠡᠭᠡᠷᠡᠭᠦᠯᠬᠦ ᠢᠨᠵᠧᠨᠧᠷᠢᠩ ᠲᠤ ᠣᠷᠣᠭᠤᠯᠵᠤ᠂ 420 ᠭᠠᠷᠤᠢ ᠵᠡᠭᠡᠯᠢ ᠭᠤᠳᠤᠮᠵᠢ ᠶᠢᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠭᠰᠡᠨ ᠫᠠᠶᠢᠰᠠ ᠢᠯᠡᠷᠬᠡᠶᠢᠯᠡᠯ ᠢ ᠵᠠᠰᠠᠨ ᠴᠡᠭᠴᠡᠯᠡᠵᠦ᠂ 5000 ᠭᠠᠷᠤᠢ ᠫᠠᠶᠢᠰᠠ ᠢᠯᠡᠷᠬᠡᠶᠢᠯᠡᠯ ᠢ ᠪᠠᠭᠤᠯᠭᠠᠵᠤ᠂ 250000 ᠲᠡᠭᠰᠢ ᠳᠥᠷᠪᠡᠯᠵᠢᠨ ᠮᠧᠲᠷ ᠤᠨ 30000 ᠭᠠᠷᠤᠢ ᠫᠠᠶᠢᠰᠠ ᠢᠯᠡᠷᠬᠡᠶᠢᠯᠡᠯ ᠢ ᠵᠠᠰᠠᠨ ᠴᠡᠭᠴᠡᠯᠡᠵᠦ᠂ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠭᠰᠡᠨ ᠬᠠᠷᠢᠴᠠᠯ ᠢ 99%  ᠳᠤ ᠬᠦᠷᠭᠡᠨ᠂ ᠮᠠᠨ ᠤ ᠬᠤᠲᠠ ᠶᠢᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠤᠨ ᠵᠢᠷᠤᠮᠵᠢᠯ᠂ ᠬᠠᠤᠯᠢᠵᠢᠯ ᠪᠣᠯᠣᠨ ᠮᠣᠩᠭᠤᠯ ᠬᠢᠲᠠᠳ ᠦᠰᠦᠭ ᠪᠢᠴᠢᠭ ᠤᠨ ᠪᠠᠷᠢᠮᠵᠢᠶᠠᠵᠢᠯ ᠢ ᠪᠡᠶᠡᠯᠡᠭᠦᠯᠦᠭᠰᠡᠨ ᠪᠠᠶᠢᠨ᠎ᠠ᠃      ᠡᠨᠡ ᠵᠢᠯ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠥᠳᠡᠯᠭᠡᠭᠡᠨ ᠤ ᠲᠥᠰᠥᠯ ᠤᠨ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠥᠩᠭᠡᠨ ᠳᠡᠭᠡᠷᠡᠬᠢ ᠫᠠᠶᠢᠰᠠ ᠢᠯᠡᠷᠬᠡᠶᠢᠯᠡᠯ ᠤᠨ ᠮᠣᠩᠭᠤᠯ ᠬᠢᠲᠠᠳ ᠦᠰᠦᠭ ᠪᠢᠴᠢᠭ ᠤᠨ ᠠᠵᠢᠯ ᠢ 41 ᠲᠥᠷᠥᠯ ᠤᠨ ᠠᠵᠢᠯ ᠤᠨ ᠠᠭᠤᠯᠭ᠎ᠠ ᠳᠤ ᠣᠷᠣᠭᠤᠯᠤᠭᠰᠠᠨ ᠮᠥᠷᠲᠡᠭᠡᠨ ᠴᠠᠭ ᠳᠠᠷᠤᠢ ᠳᠤ ᠨᠢ ᠲᠤᠬᠠᠢ ᠰᠡᠳᠦᠪᠲᠤ ᠬᠤᠷᠠᠯ ᠬᠤᠷᠠᠯᠳᠤᠭᠤᠯᠵᠤ ᠴᠡᠭᠴᠡᠯᠡᠨ ᠵᠠᠰᠠᠬᠤ ᠠᠵᠢᠯ ᠤᠨ ᠲᠥᠰᠥᠯ ᠢ ᠰᠤᠳᠤᠯᠤᠨ ᠲᠣᠭᠲᠠᠭᠠᠭᠰᠠᠨ ᠪᠠᠶᠢᠨ᠎ᠠ᠃ 3 ᠳ᠋ᠤᠭᠠᠷ ᠰᠠᠷ᠎ᠠ ᠠᠴᠠ ᠣᠳᠣ  ᠪᠣᠯᠲᠠᠯ᠎ᠠ᠂ ᠬᠤᠲᠠ ᠶᠢᠨ ᠫᠠᠶᠢᠰᠠ ᠢᠯᠡᠷᠬᠡᠶᠢᠯᠡᠯ ᠤᠨ ᠬᠠᠮᠢᠶᠠᠷᠤᠯᠲᠠ ᠶᠢᠨ ᠲᠥᠪ ᠠᠴᠠ ᠬᠤᠲᠠ ᠶᠢᠨ ᠳᠥᠷᠪᠡᠨ ᠲᠣᠭᠤᠷᠢᠭ ᠤᠨ ᠦᠨᠳᠦᠰᠦᠲᠡᠨ ᠱᠠᠰᠢᠨ ᠤ ᠶᠠᠪᠤᠳᠠᠯ ᠤᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠬᠤᠲᠠ ᠶᠢᠨ ᠳᠥᠷᠪᠡᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠨᠡᠶᠢᠭᠡᠮ ᠤᠨ ᠥᠩᠭᠡᠨ ᠳᠡᠭᠡᠷᠡᠬᠢ ᠮᠣᠩᠭᠤᠯ ᠬᠢᠲᠠᠳ ᠦᠰᠦᠭ ᠪᠢᠴᠢᠭ ᠤᠨ ᠵᠡᠷᠭᠡ ᠪᠠᠷ ᠬᠡᠷᠡᠭᠯᠡᠬᠦ ᠠᠵᠢᠯ ᠳᠤ ᠬᠢᠨᠠᠯᠲᠠ ᠪᠠᠶᠢᠴᠠᠭᠠᠯᠲᠠ ᠬᠢᠵᠦ᠂ ᠠᠰᠠᠭᠤᠳᠠᠯ ᠲᠠᠢ ᠫᠠᠶᠢᠰᠠ ᠢᠯᠡᠷᠬᠡᠶᠢᠯᠡᠯ ᠢ ᠨᠢᠭᠡᠳ ᠨᠢᠭᠡ ᠪᠠᠷ ᠰᠡᠭᠦᠳᠡᠷᠯᠡᠨ ᠳᠠᠩᠰᠠᠯᠠᠵᠤ᠂ ᠪᠠᠶᠢᠳᠠᠯ ᠢ ᠬᠠᠷᠢᠭᠤ ᠲᠤᠰᠬᠠᠬᠤ ᠠᠷᠭ᠎ᠠ ᠬᠡᠯᠪᠡᠷᠢ ᠪᠠᠷ  ᠡᠯ᠎ᠡ ᠲᠣᠭᠤᠷᠢᠭ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠴᠠᠭ ᠳᠠᠷᠤᠢ ᠳᠤ ᠨᠢ ᠮᠡᠳᠡᠭᠳᠡᠵᠦ᠂ ᠬᠤᠭᠤᠴᠠᠭ᠎ᠠ ᠲᠣᠭᠲᠠᠭᠠᠨ ᠵᠠᠰᠠᠭᠤᠯᠪᠠ᠃      ᠡᠭᠦᠨ ᠠᠴᠠ ᠬᠤᠶᠢᠰᠢᠳᠠ᠂ ᠮᠠᠨ ᠤ ᠬᠤᠲᠠ  ︽ᠬᠦᠭᠡᠬᠤᠳᠠ ᠶᠢᠨ ᠨᠡᠶᠢᠭᠡᠮ ᠤᠨ ᠥᠩᠭᠡᠨ ᠭᠡᠷᠡᠭᠯᠡᠭᠡᠠ ᠳᠡᠭᠡᠷ᠎ᠡ ᠮᠤᠩᠭᠤᠯ ᠬᠢᠳᠡᠦᠠ ᠬᠤᠶᠡᠷ ᠵᠦᠢᠯ ᠤᠨ ᠤᠢᠰᠦᠭ ᠪᠢᠴᠢᠭ ᠢ ᠵᠡᠷᠭᠡ ᠪᠠᠷ ᠭᠡᠷᠡᠭᠯᠡᠬᠦ ᠬᠠᠮᠢᠶᠡᠷᠦᠯᠳᠠ ᠶᠢᠨ ᠠᠷᠭ᠎ᠠ︾  ᠤᠨ ᠲᠣᠭᠲᠠᠭᠠᠯ ᠶᠣᠰᠣᠭᠠᠷ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠡᠬᠢ ᠠᠴᠠ ᠨᠢ ᠬᠠᠮᠢᠶᠠᠷᠬᠤ ᠶᠢ ᠭᠤᠣᠯᠴᠢᠯᠠᠨ ᠴᠢᠩᠭᠠᠳᠬᠠᠵᠤ᠂ ᠮᠣᠩᠭᠤᠯ ᠬᠢᠲᠠᠳ ᠦᠰᠦᠭ ᠰᠢᠪᠡᠬᠦ ᠠᠵᠤ ᠠᠬᠤᠶᠢᠯᠠᠯ ᠳᠤ ᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠮᠣᠩᠭᠤᠯ ᠬᠢᠲᠠᠳ ᠦᠰᠦᠭ ᠪᠢᠴᠢᠭ ᠤᠨ ᠵᠡᠷᠭᠡ ᠪᠠᠷ ᠬᠡᠷᠡᠭᠯᠡᠬᠦ ᠳᠤ ᠬᠢᠨᠠᠬᠤ᠂ ᠳᠠᠪᠲᠠᠨ ᠬᠢᠨᠠᠬᠤ᠂ ᠵᠥᠪᠰᠢᠶᠡᠷᠡᠬᠦ ᠠᠯᠬᠤᠮ ᠳᠠᠷᠠᠭ᠎ᠠ ᠶᠢ ᠵᠠᠪᠠᠯ ᠭᠦᠢᠴᠡᠳᠬᠡᠭᠦᠯᠦᠨ᠎ᠡ᠃ ᠡᠭᠦᠨ ᠤ ᠬᠠᠮᠲᠤ᠂ ᠡᠳᠦᠷ ᠳᠣᠳᠥᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠫᠠᠶᠢᠰᠠ ᠢᠯᠡᠷᠬᠡᠶᠢᠯᠡᠯ ᠤᠨ ᠡᠳᠦᠷ ᠲᠤᠲᠤᠮ ᠤᠨ ᠬᠠᠮᠢᠶᠠᠷᠤᠯᠲᠠ ᠶᠢ ᠬᠡᠰᠡᠭᠯᠡᠨ ᠰᠠᠯᠭᠠᠵᠤ᠂ ᠵᠡᠭᠡᠯᠢ ᠳᠤ ᠳᠠᠭᠠᠭᠠᠴᠢᠯᠠᠭᠤᠯᠤᠨ ᠬᠥᠮᠥᠨ ᠳᠤ ᠨᠣᠭᠳᠠᠭᠤᠯᠵᠤ᠂ ᠴᠡᠭᠴᠡᠯᠡᠨ ᠵᠠᠰᠠᠬᠤ ᠠᠵᠢᠯ ᠳᠠᠬᠢᠨ ᠡᠬᠢᠯᠡᠬᠦ ᠦᠭᠡᠢ᠂ ᠭᠡᠳᠡᠷᠭᠦ ᠳᠠᠬᠢᠬᠤ ᠦᠭᠡᠢ ᠪᠠᠶᠢᠬᠤ ᠶᠢ ᠪᠠᠲᠤᠯᠠᠵᠤ᠂ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠪᠠᠶᠢᠩᠭᠤ ᠶᠢᠨ ᠲᠣᠭᠲᠠᠴᠠ ᠶᠢ ᠪᠦᠷᠢᠯᠳᠦᠭᠦᠯᠦᠨ᠂ ᠨᠡᠶᠢᠭᠡᠮ ᠤᠨ ᠥᠩᠭᠡᠨ ᠳᠡᠭᠡᠷᠡᠬᠢ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠠᠵᠢᠯ ᠢ ᠵᠢᠷᠤᠮᠵᠢᠯ᠂ ᠪᠠᠷᠢᠮᠵᠢᠶᠠᠵᠢᠯ ᠲᠡᠰᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ