| | | ᠣᠶᠢᠷ᠎ᠠ ᠶᠢᠨ ᠡᠳᠤᠷ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠣᠨᠤᠯ ᠰᠤᠷᠤᠯᠴᠠᠬᠤ ᠭᠤᠣᠯ | ᠳᠤᠭᠤᠶᠢᠯᠠᠩ ᠠᠴᠠ 2018 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠬᠤ ᠬᠤᠷᠠᠯ | ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠣᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ | ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ》 ᠢ ᠰᠣᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠦᠵᠡᠯ ᠰᠠᠨᠠᠭᠠᠨ ᠤ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ | ᠬᠤᠷᠠᠯ ᠠᠴᠠ ᠱᠠᠭᠠᠷᠳᠠᠭᠰᠠᠨ ᠨᠢ᠂《 ᠳᠦᠷᠢᠮ》 ᠳᠤ ᠵᠠᠰᠠᠪᠤᠷᠢ ᠣᠷᠤᠭᠤᠯᠤᠭᠰᠠᠨ ᠠᠬᠤᠢ ᠪᠠᠶᠢᠳᠠᠯ ᠪᠠ | ᠠᠴᠢ ᠬᠤᠯᠪᠤᠭᠳᠠᠯ ᠢ ᠭᠦᠨᠵᠡᠭᠡᠢ ᠣᠶᠢᠯᠭᠠᠵᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠨᠠᠮ ᠤᠨ ᠲᠥᠪ | ᠬᠤᠷᠢᠶ᠎ᠠ ᠲᠠᠢ ᠢᠮᠠᠭᠲᠠ ᠨᠢᠭᠡᠳᠴᠦ᠂《 ᠳᠦᠷᠢᠮ》 ᠤᠨ ᠲᠤᠬᠠᠢ ᠰᠤᠷᠤᠯᠴᠠᠯᠭ᠎ᠠ ᠪᠠ ᠰᠤᠷᠭᠠᠨ ᠬᠥᠮᠦᠵᠢᠯ ᠢ ᠦᠨᠡᠨᠬᠦ | ᠴᠢᠩᠭᠠᠳᠬᠠᠵᠤ᠂ ᠰᠢᠰᠲ᠋ᠧᠮ ᠲᠠᠢ᠂ ᠭᠦᠨᠵᠡᠭᠡᠢ ᠦᠨᠡᠨᠬᠦ ᠳᠣᠲᠤᠭᠠᠳᠤ ᠰᠡᠳᠬᠢᠯ ᠠᠴᠠ ᠪᠠᠨ ᠴᠢᠷᠮᠠᠶᠢᠨ ᠰᠤᠷᠤᠯᠴᠠᠵᠤ᠂ | ᠭᠦᠨᠵᠡᠭᠡᠢ ᠣᠶᠢᠯᠭᠠᠵᠤ᠂ ᠤᠬᠠᠭᠠᠨ ᠢ ᠨᠢ ᠣᠯᠵᠤ ᠤᠴᠢᠷ ᠢ ᠨᠢ ᠮᠡᠳᠡᠬᠦ ᠶᠢᠨ ᠬᠠᠮᠲᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠠᠯᠠᠭᠤᠯᠬᠤ ᠶᠢ ᠴᠢᠬᠤᠯᠠ ᠤᠯᠤᠰ ᠲᠥᠷᠦ ᠶᠢᠨ ᠡᠭᠦᠷᠭᠡ ᠪᠠᠷ | ᠦᠵᠡᠵᠤ᠂ ᠲᠤᠭᠤᠰᠢᠲᠠᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭᠠᠨ ᠤ ᠠᠵᠢᠯ ᠢ | ᠤᠬᠠᠭᠤᠯᠬᠤ ᠲᠤᠬᠠᠢ ᠴᠢᠬᠤᠯᠠ ᠵᠣᠷᠢᠭ ᠰᠠᠨᠠᠭ᠎ᠠ ᠶᠢ ᠭᠦᠨᠵᠡᠭᠡᠢ ᠣᠶᠢᠯᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠤᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ ᠭᠡᠪᠡ᠃ |