ᠬᠥᠬᠡᠬᠤᠲᠠ ᠵᠠᠰᠠᠭ ᠲᠠᠷᠬᠠᠭᠠᠭᠰᠠᠨ ︹ 2018︺ 11 ᠳ᠋ᠦ᠋ᠭᠡᠷ ᠲᠤᠭᠠᠲᠤ | 2018 ᠣᠨ ᠤ 3 ᠳ᠋ᠤᠭᠠᠷ ᠰᠠᠷ᠎ᠠ ᠶᠢᠨ 5 ᠤ ᠡᠳᠦᠷ | | ᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠵᠥᠪᠯᠡᠯ᠂ ᠠᠯᠪᠠᠨ ᠭᠡᠷ᠂ ᠡᠯ᠎ᠡ | ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄ | | ᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠵᠥᠪᠯᠡᠯ᠂ | ᠠᠯᠪᠠᠨ ᠭᠡᠷ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄ | ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ | ᠪᠥᠬᠦ ᠲᠠᠯ᠎ᠠ ᠪᠠᠷ ᠵᠠᠰᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ | ᠲᠥᠷᠥ ᠠᠯᠪᠠᠨ ᠲᠠᠷᠬᠠᠭᠠᠭᠰᠠᠨ ︹ 2016 ︺ 1 ᠳ᠋ᠦ᠋ᠭᠡᠷ ᠲᠤᠭᠠᠲᠤ︶᠂ ︽ᠠᠯᠪᠠᠨ ᠲᠢᠩᠬᠢᠮ ᠤᠨ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ ᠪᠦᠬᠦ ᠲᠠᠯ᠎ᠠ ᠪᠠᠷ | ᠴᠡᠭᠴᠡᠯᠡᠨ ᠵᠠᠰᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2016 ︺120 ᠳ᠋ᠤᠭᠠᠷ | ᠲᠤᠭᠠᠲᠤ︶᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠤᠯᠭᠤᠮᠵᠢ ᠶᠢ ᠥᠭᠬᠦ ᠶᠢ ᠪᠠᠲᠤᠯᠠᠬᠤ ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ〉 ᠶᠢ | ᠳᠠᠷᠤᠮᠠᠯᠯᠠᠨ ᠶᠠᠪᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺9 | ᠳ᠋ᠦ᠋ᠭᠡᠷ ᠲᠤᠭᠠᠲᠤ︶ ᠵᠡᠷᠭᠡ ᠮᠡᠳᠡᠭᠳᠡᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠲᠠ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ | ᠤᠳᠠᠭᠠᠰᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ | ᠪᠠᠶᠢᠭᠤᠯᠵᠤ ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠥᠯᠥᠰᠥ ᠬᠠᠷᠠᠮᠵᠢ ᠶᠢᠨ ᠡᠷᠬᠡ ᠠᠰᠢᠭ ᠢ ᠪᠠᠲᠤᠯᠠᠵᠤ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠠᠬᠢᠭᠤᠯᠬᠤ ᠶᠢᠨ ᠲᠤᠰᠠᠳᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯᠲᠡ ᠪᠠᠷ | ᠣᠳᠣ ᠳᠣᠣᠷᠠᠬᠢ ᠮᠡᠲᠦ ᠰᠠᠨᠠᠯ ᠤᠳ ᠢ ᠳᠤᠷᠠᠳᠪᠠ᠄ | ᠨᠢᠭᠡ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ ᠲᠣᠭᠲᠠᠴᠠ ᠶᠢ ᠲᠡᠭᠦᠯᠳᠡᠷᠵᠢᠭᠦᠯᠦᠨ᠎ᠡ | ︵ᠨᠢᠭᠡ︶ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ︽ ᠬᠠᠷᠢᠶᠠᠯᠠᠭᠳᠠᠬᠤ | ᠭᠠᠵᠠᠷ ᠢᠶᠠᠷ ᠬᠠᠮᠢᠶᠠᠷᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠭᠤᠣᠯᠯᠠᠨ ᠬᠠᠮᠢᠶᠠᠷᠤᠭᠴᠢ ᠬᠠᠷᠢᠭᠤᠴᠠᠬᠤ︾ | ᠵᠠᠷᠴᠢᠮ ᠢ ᠪᠠᠷᠢᠮᠲᠠᠯᠠᠵᠤ ᠵᠠᠰᠠᠭ ᠤᠨ ᠣᠷᠳᠣᠨ ᠤ ᠬᠠᠷᠢᠶᠠᠯᠠᠭᠳᠠᠬᠤ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠶᠡᠷᠦᠩᠬᠡᠶ | ᠬᠠᠷᠢᠭᠤᠴᠠᠯᠭ᠎ᠠ ᠡᠭᠦᠷᠭᠡᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠵᠤ ᠪᠠᠶᠢᠭ᠎ᠠ ᠠᠰᠠᠭᠤᠳᠠᠯ ᠢ ᠪᠣᠳᠠᠲᠠᠶ ᠬᠠᠷᠢᠭᠤᠴᠠᠨ | ᠰᠢᠢᠳᠪᠦᠷᠢᠯᠡᠵᠦ᠂ ᠵᠠᠰᠠᠭ ᠤᠨ ᠣᠷᠳᠣᠨ ᠤ ᠬᠠᠷᠢᠭᠤᠴᠠᠯᠭᠠᠲᠠᠨ ᠳᠦᠷᠦᠭᠦᠯᠦᠨ ᠬᠠᠮᠢᠶᠠᠷᠴᠤ ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠣᠷᠣᠯᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢ ᠪᠠᠲᠤᠯᠠᠬᠤ | ᠠᠵᠢᠯ ᠤᠨ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠠᠯᠠ | ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠴᠠᠯᠢᠩ ᠤᠨ ᠥᠷᠢᠲᠦᠯ ᠢ ᠰᠢᠢᠳᠪᠦᠷᠢᠯᠡᠬᠦ ᠪᠠ ᠲᠤᠰ ᠭᠠᠵᠠᠷ | ᠣᠷᠣᠨ ᠤ ᠪᠠᠨ ᠳᠣᠲᠣᠷᠠᠬᠢ ᠴᠠᠯᠢᠩ ᠥᠷᠢᠲᠦᠬᠦ ᠬᠡᠷᠡᠭ ︵ᠶᠠᠪᠤᠳᠠᠯ︶ ᠢ ᠰᠢᠢᠳᠪᠦᠷᠢᠯᠡᠨ᠎ᠡ᠃ ᠡᠯ᠎ᠡ ᠬᠤᠰᠢᠭᠤ | ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠥᠯᠥᠪᠵᠢᠭᠦᠯᠭᠡ ᠪᠠᠷ ᠵᠣᠬᠢᠴᠠᠩᠭᠤᠶ | ᠬᠠᠮᠲᠤᠷᠠᠭᠰᠠᠨ ᠥᠷᠢ ᠰᠢᠷᠢ ᠶᠢ ᠢᠯᠭᠠᠷᠠᠭᠤᠯᠬᠤ ᠪᠠᠲᠤᠯᠠᠭ᠎ᠠ ᠶᠢᠨ ᠦᠢᠯᠡᠴᠢᠯᠡᠭᠡᠨ ᠤ ᠲᠢᠩᠬᠢᠮ ᠢ ᠪᠦᠳᠦᠬᠡᠨ | ᠪᠠᠶᠢᠭᠤᠯᠤᠨ᠎ᠠ᠃ ᠢᠨᠵᠧᠨᠧᠷᠢᠩ ᠤᠨ ᠳᠦᠷᠦᠯ ᠵᠦᠢᠯ ᠤᠨ ︵ᠶᠡᠷᠦᠩᠬᠡᠶ︶ ᠳᠠᠭᠠᠭᠠᠴᠢᠯᠠᠭᠰᠠᠨ ᠠᠵᠤ ᠠᠬᠤᠶᠢᠯᠠᠯ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠥᠷᠢᠲᠦᠭᠰᠡᠨ ᠴᠠᠯᠢᠩ ᠬᠥᠯᠥᠰᠦ ᠢ ᠲᠥᠯᠥᠬᠦ ᠶᠢ ᠶᠡᠷᠦᠩᠬᠡᠶ ᠳᠠᠭᠠᠭᠠᠴᠢᠯᠠᠭᠰᠠᠨ ᠠᠵᠤ | ᠠᠬᠤᠶᠢᠯᠠᠯ ᠠᠴᠠ ᠬᠠᠷᠢᠭᠤᠴᠠᠬᠤ ᠲᠦᠷᠢᠮ ᠢ ᠲᠣᠭᠲᠠᠭᠠᠨ᠎ᠠ᠃ ᠪᠦᠲᠦᠭᠡᠨ ᠪᠠᠶᠢᠭᠤᠯᠬᠤ ᠨᠢᠭᠡᠴᠡ ᠪᠤᠶᠤ ᠶᠡᠷᠦᠩᠬᠡᠶ | ᠳᠠᠭᠠᠭᠠᠴᠢᠯᠠᠭᠰᠠᠨ ᠠᠵᠤ ᠠᠬᠤᠶᠢᠯᠠᠯ ᠳᠠᠭᠠᠭᠠᠴᠢᠯᠠᠯᠲᠠ ᠶᠢᠨ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ | ᠪᠠᠷᠢᠯᠭ᠎ᠠ ᠶᠢᠨ ᠰᠦᠢᠳᠭᠡᠯ ᠢ ᠰᠠᠯᠭᠠᠨ ᠦᠭᠭᠦᠭᠰᠡᠨ ᠦᠭᠡᠢ ᠠᠴᠠ ᠪᠣᠯᠵᠤ ᠳᠠᠭᠠᠭᠠᠴᠢᠯᠠᠭᠰᠠᠨᠠᠵᠤ ᠠᠬᠤᠶᠢᠯᠠᠯ ᠨᠢ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠪᠠᠶᠢᠪᠠᠯ᠂ ᠤᠷᠢᠳᠠᠪᠠᠷ | ᠪᠦᠳᠦᠭᠡᠠ ᠪᠠᠶᠢᠭᠤᠯᠬᠤ ᠨᠢᠭᠡᠴᠡ ᠪᠤᠶᠤ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠣᠷᠣᠯᠠᠨ ᠦᠭᠴᠦ᠂ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠣᠰ ᠭᠠᠵᠠᠷ ᠣᠷᠣᠨ ᠤ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠵᠤ᠂ ᠪᠠᠯᠠ | ᠮᠥᠩᠭᠦ ᠶᠢᠨ ᠢᠷᠡᠯᠲᠡ ᠪᠣᠯᠤᠨ ᠴᠤᠭᠯᠠᠭᠤᠯᠤᠭᠰᠠᠨ ᠠᠷᠭ᠎ᠠ ᠮᠠᠶ᠋ᠢᠭ ᠢ ᠴᠢᠩᠭ᠎ᠠ ᠬᠢᠨᠠᠨ ᠪᠠᠶᠢᠴᠠᠭᠠᠵᠤ᠂ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠢᠲᠡᠭᠡᠮᠵᠢ ᠠᠯᠳᠠᠭᠰᠠᠨ ᠠᠵᠤ | ᠠᠬᠤᠶᠢᠯᠠᠯ ᠢ ᠬᠠᠤᠯᠢ ᠶᠤᠰᠤᠭᠠᠷ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠤᠷᠤᠭᠤᠯᠬᠤ ᠶᠢᠨ ᠬᠠᠮᠲᠤ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠷᠢᠭᠤᠴᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠪᠠᠯᠠ | ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ | ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ | ᠰᠢᠯᠵᠢᠭᠦᠯᠦᠨ ᠥᠭᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠲᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ᠬᠤᠳᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠠᠷᠢᠯᠭ᠎ᠠ ᠶᠢᠨ ᠲᠥᠷᠥᠯ | ᠵᠦᠢᠯ ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ ᠢ ᠴᠢᠩᠭ᠎ᠠ ᠬᠢᠨᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠷᠢᠯᠭ᠎ᠠ ᠪᠠᠷᠢᠬᠤ ᠶᠠᠪᠤᠴᠠ ᠳᠤ ᠳ᠋ᠦᠢᠩᠨᠡᠨ ᠪᠤᠳᠤᠬᠤ᠂ ᠴᠠᠯᠢᠩ ᠪᠠ | ᠪᠠᠷᠢᠯᠭ᠎ᠠ ᠶᠢᠨ ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ᠂ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ᠂ ᠪᠠᠩᠬᠢ ᠠᠴᠠ ᠰᠠᠷ᠎ᠠ ᠪᠦᠷᠢ ᠴᠠᠯᠢᠩ | ᠣᠷᠣᠯᠠᠨ ᠲᠠᠷᠬᠠᠭᠠᠬᠤ᠂ ᠪᠠᠷᠢᠯᠭ᠎ᠠ ᠶᠢᠨ ᠰᠦᠢᠳᠭᠡᠯ ᠥᠭᠬᠦ ᠳᠠᠭᠠᠭᠠᠯᠲᠠ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ | ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠶᠢᠨ ᠲᠦᠷᠢᠮ ᠢ ᠲᠣᠭᠲᠠᠭᠠᠵᠤ | ᠨᠠᠶᠢᠳᠠᠪᠤᠷᠢᠵᠢᠭᠤᠯᠤᠨ᠎ᠠ᠃ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠬᠤᠪᠢᠶᠠᠨ ᠳᠠᠭᠠᠭᠠᠴᠢᠯᠠᠭᠰᠠᠨ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠴᠠᠯᠢᠩ ᠬᠥᠯᠥᠰᠦ ᠳᠤ ᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠪᠣᠳᠠᠲᠠᠢ ᠠᠷᠭ᠎ᠠ ᠬᠡᠮᠵᠢᠶ᠎ᠡ ᠲᠤᠭᠲᠠᠭᠠᠵᠤ᠂ ᠪᠠᠷᠢᠯᠭ᠎ᠠ ᠪᠠᠷᠢᠭᠤᠯᠬᠤ ᠨᠢᠭᠡᠴᠡ ᠪᠤᠶᠤ ᠪᠠᠷᠢᠯᠭ᠎ᠠ ᠶᠢᠨ | ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠪᠠᠷᠢᠯᠭ᠎ᠠ ᠶᠢᠨ ᠵᠤᠭᠤᠰ ᠢ ᠳᠤᠲᠠᠭᠤ ᠥᠭᠭᠦᠭᠰᠡᠨ ᠬᠡᠪᠴᠢᠶᠡᠨ | ᠳᠤᠲᠤᠷ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠷᠢᠳᠠᠪᠠᠷ ᠣᠷᠣᠯᠠᠨ ᠦᠭᠬᠦ ᠠᠷᠭ᠎ᠠ ᠶᠢ | ᠲᠣᠭᠲᠠᠭᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠴᠡᠪᠡᠷᠯᠡᠨ ᠭᠠᠷᠭᠠᠬᠤ ᠲᠦᠷᠢᠮ ᠢ | ᠪᠠᠶᠢᠭᠤᠯᠤᠨ ᠲᠤᠭᠲᠠᠭᠠᠨ᠎ᠠ᠃ | ᠴᠠᠯᠢᠩ ᠥᠭᠬᠦ ᠶᠢ ᠬᠢᠨᠠᠨ ᠡᠵᠡᠮᠳᠡᠬᠦ ᠲᠣᠣᠷ ᠰᠦᠯᠵᠢᠶ᠎ᠡ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ | ᠬᠤᠲᠠ ᠶᠢᠨ ᠳᠣᠲᠣᠷᠠᠬᠢ ᠠᠵᠤ ᠠᠬᠤᠶᠢᠯᠠᠯ ᠤᠨ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠤᠢ ᠪᠤᠯᠭᠠᠨ᠎ᠠ᠃ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ | ᠭᠦᠢᠴᠡᠳᠬᠡᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢ ᠥᠭᠬᠦ ᠠᠵᠢᠯ ᠤᠨᠡᠳᠦᠷ ᠲᠤᠲᠤᠮ ᠤᠨ ᠬᠢᠨᠠᠨ ᠬᠠᠮᠢᠶᠠᠷᠥᠯᠲᠠ ᠶᠢ ᠴᠢᠩᠭᠠᠳᠬᠠᠵᠤ᠂ ᠬᠠᠤᠯᠢ | ᠪᠤᠰᠤ ᠪᠠᠷ ᠪᠠᠷᠢᠯᠭ᠎ᠠ ᠶᠢᠨ ᠰᠦᠢᠳᠭᠡᠯ ᠢ ᠥᠷᠢᠲᠦᠬᠦ᠂ ᠨᠡᠷ᠎ᠡ ᠵᠢᠭᠡᠯᠡᠵᠦ ᠳᠠᠭᠠᠭᠠᠴᠢᠯᠠᠭᠤᠯᠬᠤ᠂ ᠬᠠᠤᠯᠢ ᠠᠴᠠ | ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ ᠵᠡᠷᠭᠡ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠬᠡᠷᠡᠭ ᠶᠠᠪᠤᠳᠠᠯ ᠢ ᠬᠠᠤᠯᠢ ᠶᠤᠰᠤᠭᠠᠷ ᠪᠠᠶᠢᠴᠠᠭᠠᠨ | ᠰᠢᠳᠪᠦᠷᠢᠯᠡᠬᠦ ᠶᠢ ᠬᠠᠷᠢᠭᠤᠴᠠᠨ᠎ᠠ᠃ | ᠵᠠᠮ ᠬᠠᠷᠢᠯᠴᠠᠭ᠎ᠠ᠂ ᠤᠰᠤᠨ ᠤ ᠶᠠᠪᠤᠳᠠᠯ ᠵᠡᠷᠭᠡ ᠰᠠᠯᠠᠭ᠎ᠠ ᠮᠦᠴᠢᠷ ᠳᠤᠰ ᠳᠤᠰ ᠤᠨ ᠠᠵᠢᠯ ᠲᠦᠷᠦᠯ ᠤᠨ | ᠣᠨᠴᠠᠯᠢᠭ ᠢᠶᠠᠨ ᠦᠨᠳᠦᠰᠦᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠨᠡᠨ ᠨᠡᠷ᠎ᠡ ᠶᠢᠨ ᠲᠦᠷᠢᠮ ᠤᠨ | ᠬᠠᠮᠢᠶᠠᠷᠤᠯᠲᠠ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠠᠷᠬᠠᠭᠠᠬᠤ᠂ ᠴᠠᠯᠢᠩ ᠪᠠ ᠪᠠᠷᠢᠯᠭ᠎ᠠ ᠶᠢᠨ | ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠵᠡᠷᠭᠡ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠲᠤᠭᠲᠠᠭᠠᠨᠰᠠᠨ ᠠᠯᠢ ᠤᠯᠠᠨ ᠲᠦᠷᠢᠮ ᠲᠣᠭᠲᠠᠭᠠᠯ ᠲᠠᠢ ᠲᠥᠰᠲᠡᠶ | ᠠᠵᠢᠯ ᠤᠨ ᠲᠦᠷᠢᠮ ᠲᠣᠭᠲᠠᠭᠠᠯ᠂ ᠠᠷᠭ᠎ᠠ᠂ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠲᠤᠰ | ᠲᠤᠰ ᠤᠨ ᠠᠵᠢᠯ ᠲᠦᠷᠦᠯ ᠤᠨ ᠳᠣᠲᠣᠷᠠᠬᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠬᠢᠨᠠᠨ ᠵᠥᠪᠰᠢᠶᠡᠷᠡᠯᠲᠡ ᠪᠠ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠲᠤᠰ ᠲᠤᠰ ᠤᠨ ᠠᠵᠢᠯ ᠲᠦᠷᠦᠯ ᠤᠨ | ᠳᠣᠲᠣᠷ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠬᠡᠷᠡᠭ ᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠠᠴᠠ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ | ᠠᠵᠢᠯ ᠲᠥᠷᠥᠯ ᠢᠶᠠᠷ ᠨᠢ ᠬᠠᠮᠢᠶᠠᠷᠤᠭᠤᠯᠵᠤ᠂ ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠤᠨ | ᠶᠣᠰᠣᠭᠠᠷ ᠴᠠᠯᠢᠩ ᠬᠥᠯᠥᠰᠥ ᠶᠢ ᠦᠷᠢᠲᠦᠭᠰᠡᠨ ᠰᠤᠷᠪᠤᠯᠵᠢᠯᠠᠭ᠎ᠠ ᠶᠢ ᠲᠣᠰᠣᠨ ᠰᠢᠯᠵᠢᠭᠦᠯᠬᠦ ᠪᠥᠭᠡᠳ ᠡᠯ᠎ᠡ ᠡᠭᠦᠷᠭᠡ | ᠬᠠᠷᠢᠭᠤᠴᠠᠯᠭᠠᠲᠤ ᠰᠠᠯᠠᠭ᠎ᠠ ᠮᠦᠴᠢᠷ ᠢ ᠰᠢᠮᠳᠠᠭᠤᠯᠵᠤ ᠪᠠᠶᠢᠭᠠᠳ ᠲᠤᠪᠤᠶᠢᠭᠰᠠᠨ ᠵᠠᠬᠢᠳᠠᠯ ᠰᠤᠷᠪᠤᠯᠵᠢᠯᠠᠭ᠎ᠠ ᠶᠢᠨ | ᠬᠡᠷᠡᠭ ᠢ ᠪᠠᠶᠢᠴᠠᠭᠠᠨ ᠰᠢᠢᠳᠪᠦᠷᠢᠯᠡᠭᠦᠯᠵᠦ᠂ ᠵᠡᠭᠠᠯᠳᠦᠬᠤ ᠪᠠᠷ ᠢᠷᠡᠭᠰᠡᠳ ᠲᠤ ᠲᠠᠶᠢᠯᠪᠤᠷᠢᠯᠠᠬᠤ᠂ ᠬᠥᠲᠥᠯᠥᠨ | ᠵᠢᠯᠣᠭᠤᠳᠬᠤ ᠠᠵᠢᠯ ᠢ ᠰᠠᠶᠢᠳᠤᠷ ᠬᠢᠬᠦ ᠶᠢ ᠬᠠᠷᠢᠭᠤᠴᠠᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ | ᠤᠨᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠰᠠᠶᠢᠲᠤᠷ ᠬᠢᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠣᠯᠭᠤᠮᠵᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠨ᠎ᠠ | ᠃ ᠬᠥᠳᠡᠯᠮᠦᠷᠢ ᠶᠢᠨ ᠬᠥᠯᠥᠰᠦ ᠬᠠᠷᠠᠮᠵᠢ ᠶᠢ ᠥᠭᠬᠦ ᠶᠢ ᠲᠡᠪᠴᠢᠭᠰᠡᠨ ᠬᠡᠷᠡᠭ ᠢ ᠰᠢᠯᠵᠢᠭᠦᠯᠦᠨ ᠲᠤᠰᠢᠶᠠᠬᠤ ᠠᠵᠢᠯ ᠢ | ᠰᠠᠶᠢᠲᠤᠷ ᠬᠢᠨ᠎ᠡ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢᠨ | ᠡᠷᠴᠢᠮ ᠢ ᠴᠢᠩᠭᠠᠷᠠᠭᠤᠯᠵᠤ᠂ ᠬᠦᠯᠢᠶᠡᠨ ᠠᠪᠤᠭᠰᠠᠨ ᠬᠡᠷᠡᠭ ᠢ ᠲᠣᠭᠲᠠᠭᠰᠠᠨ ᠬᠤᠭᠤᠴᠠᠭᠠᠨ ᠳᠣᠲᠣᠷ᠎ᠠ ᠵᠣᠬᠢᠰᠲᠠᠶ | ᠰᠢᠢᠳᠪᠦᠷᠢᠯᠡᠵᠦ ᠳᠠᠭᠤᠰᠬᠠᠬᠤ ᠶᠢ ᠪᠠᠲᠤᠯᠠᠬᠤ ᠶᠢ ᠬᠠᠷᠢᠭᠤᠴᠠᠨ᠎ᠠ᠃ | ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠭᠠᠵᠠᠷ ᠢ | ᠬᠢᠨᠠᠨ ᠬᠠᠮᠢᠶᠠᠷᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ᠂ | ᠠᠵᠢᠯ ᠡᠬᠢᠯᠡᠭᠦᠯᠬᠦ ᠭᠠᠷᠳᠠᠮ ᠭᠦᠢᠴᠡᠳᠬᠡᠭᠰᠡᠨ ᠦᠭᠡᠢ ᠪᠤᠶᠤ ᠭᠠᠷ ᠭᠦᠢᠴᠡᠳᠬᠡᠯ ᠨᠢ ᠪᠦᠷᠢᠨ ᠪᠤᠰᠤ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠠᠵᠢᠯ ᠢ ᠨᠢ ᠵᠤᠭᠰᠤᠭᠠᠬᠤ ᠶᠢ ᠬᠠᠷᠢᠭᠤᠴᠠᠨ᠎ᠠ᠃ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠡᠷᠬᠡ ᠣᠯᠭᠤᠭᠰᠠᠨ ᠠᠵᠤ ᠠᠬᠤᠶᠢᠯᠠᠯ ᠤᠨ ᠪᠠᠯᠠ ᠭᠠᠷᠭᠠᠭᠴᠢ ᠶᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ | ᠪᠠᠶᠢᠳᠠᠯ ᠢ ᠪᠦᠬᠦ ᠲᠠᠯ᠎ᠠ ᠪᠠᠷ ᠵᠠᠰᠠᠬᠤ ᠶᠢ ᠬᠠᠷᠢᠭᠤᠴᠠᠨ᠎ᠠ᠃ | ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢ ᠲᠦᠭᠡᠮᠡᠯᠵᠢᠭᠦᠯᠦᠨ ᠤᠬᠠᠭᠤᠯᠬᠤ | ᠬᠥᠳᠡᠯᠭᠡᠭᠡᠨ ᠥᠷᠨᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠬᠠᠤᠯᠢ | ᠶᠣᠰᠣᠭᠠᠷ ᠵᠥᠪ ᠵᠣᠬᠢᠰᠲᠠᠢ ᠪᠠᠷ ᠡᠷᠬᠡ ᠠᠰᠢᠭ ᠢᠶᠠᠨ ᠬᠠᠮᠠᠭᠠᠯᠠᠭᠤᠯᠬᠤ ᠶᠢ ᠤᠬᠠᠭᠤᠯᠤᠨ᠎ᠠ᠃ ᠬᠠᠤᠯᠢ ᠴᠠᠭᠠᠵᠠ ᠶᠢᠨ | ᠦᠢᠯᠡᠴᠢᠯᠡᠭᠡᠨ ᠤ ᠵᠠᠷᠤᠳᠠᠯ ᠢ ᠥᠭᠬᠦ ᠴᠢᠳᠠᠯ ᠦᠭᠡᠢ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠦᠨ᠎ᠡ | ᠲᠦᠯᠦᠪᠦᠷᠢ ᠦᠭᠡᠢ ᠪᠠᠷ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ | ᠬᠥᠳᠡᠯᠮᠦᠷᠢ ᠦᠢᠯᠡᠴᠢᠯᠡᠭᠡ ᠶᠢ ᠬᠤᠪᠢᠶᠠᠨ ᠳᠠᠭᠠᠭᠠᠴᠢᠯᠠᠭᠰᠠᠨ ᠠᠴᠠ ᠪᠤᠯᠵᠦ ᠡᠭᠦᠰᠦᠭᠰᠡᠨ ᠵᠢᠭᠤᠷᠠᠯᠳᠤᠭᠠᠨ ᠳᠤ | ᠬᠦᠴᠦ ᠶᠠᠪᠤᠭᠴᠢ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠡᠶᠡᠳᠡᠭᠦᠯᠬᠦ ᠵᠥᠪᠳᠡᠯᠴᠡᠬᠦ ᠪᠤᠶᠤ ᠬᠠᠤᠯᠢ | ᠴᠠᠭᠠᠵᠠ ᠶᠢᠨ ᠠᠷᠭ᠎ᠠ ᠪᠠᠷ ᠰᠢᠢᠳᠪᠦᠷᠢᠯᠡᠬᠦ ᠶᠢ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠶᠢ | ᠲᠡᠪᠴᠢᠭᠰᠡᠨ ᠶᠠᠯᠠᠲᠤ ᠬᠡᠷᠡᠭ ᠢ ᠳᠡᠩᠨᠡᠨ ᠰᠢᠢᠳᠭᠡᠵᠦ᠂ ᠴᠠᠯᠢᠩ ᠥᠷᠢᠲᠦᠭᠡᠳ ᠵᠠᠶᠢᠯᠠᠨ ᠳᠤᠲᠠᠭᠠᠵᠤ ᠳᠠᠯᠳᠠᠯᠠᠭᠰᠠᠨ | ᠪᠠ ᠡᠳ᠋ ᠭᠦᠷᠦᠩᠭᠡ ᠪᠠᠨ ᠰᠢᠯᠵᠢᠭᠦᠯᠬᠦ ᠵᠡᠷᠭᠡ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠴᠠ ᠪᠣᠯᠤᠭᠰᠠᠨ ᠬᠡᠪ ᠤᠨ ᠪᠤᠰᠤ ᠳᠡᠭᠡᠭᠰᠢ | ᠰᠤᠷᠪᠤᠯᠵᠢᠯᠠᠬᠤ᠂ ᠮᠠᠭᠤ ᠰᠠᠨᠠᠭ᠎ᠠ ᠪᠠᠷ ᠴᠠᠯᠢᠩ ᠬᠦᠬᠡᠭᠡᠬᠦ ᠪᠠ ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠬᠠᠤᠯᠢ | ᠶᠣᠰᠣᠭᠠᠷ ᠰᠢᠢᠳᠪᠦᠷᠢᠯᠡᠬᠦ ᠶᠢ ᠬᠠᠷᠢᠭᠤᠴᠠᠨ᠎ᠠ᠃ | ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠢᠶᠠᠷ ᠴᠠᠯᠢᠩ ᠥᠷᠢᠲᠦᠵᠦ ᠢᠲᠡᠭᠡᠮᠵᠢ ᠠᠯᠳᠠᠭᠰᠠᠨ ᠠᠵᠤ | ᠠᠬᠤᠶᠢᠯᠠᠯ ᠢ ᠢᠯᠡᠴᠢᠯᠡᠨ ᠨᠡᠶᠢᠲᠡᠯᠡᠵᠦ᠂ ᠦᠨᠡᠮᠯᠡᠯ ᠦᠬᠡᠢ ᠪᠠᠷ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠠᠭᠠᠵᠠᠯᠠᠨ᠎ᠠ᠃ ︽ ᠬᠤᠤᠰ ᠲᠣᠬᠢᠶᠠᠯᠳᠤᠯ ︾ ᠢᠶᠠᠷ ᠰᠤᠭᠤᠴᠢᠨ | ᠪᠠᠶᠢᠴᠠᠭᠠᠬᠤ ᠪᠠ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ᠂ | ᠡᠳᠦᠷ ᠲᠤᠲᠤᠮ ᠤᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠬᠠᠷᠢᠭᠤᠴᠠᠨ ᠠᠵᠤ ᠠᠬᠤᠶᠢᠯᠠᠯ ᠤᠨ | ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ | ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠮᠲᠤ ᠶᠢᠨ | ᠭᠡᠷ᠎ᠡ ᠶᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠺᠣᠮᠫᠠᠨᠢ ᠶᠢᠨ ᠳᠦᠷᠢᠮᠲᠦ ᠠᠵᠤ ᠠᠬᠤᠶᠢᠯᠠᠯ ᠢ ᠲᠣᠭᠲᠠᠭᠠᠯ | ᠶᠣᠰᠣᠭᠠᠷ ᠰᠢᠮᠳᠠᠭᠤᠯᠤᠨ ᠵᠢᠯᠣᠭᠤᠳᠴᠤ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ | ᠬᠡᠷᠡᠭ ᠬᠢᠨᠠᠭᠴᠢ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠯᠢᠩ ᠥᠷᠢᠲᠦᠭᠰᠡᠨ ᠠᠰᠠᠭᠤᠳᠠᠯ ᠢ ᠴᠠᠭ | ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠠᠤᠯᠢ ᠶᠣᠰᠣᠭᠠᠷ ᠰᠢᠢᠳᠪᠦᠷᠢᠯᠡᠭᠦᠯᠬᠦ ᠶᠢ | ᠬᠠᠷᠢᠭᠤᠴᠠᠨ᠎ᠠ᠃ | ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠠᠴᠠ ᠬᠠᠷᠢᠭᠤᠴᠠᠨ ᠡᠯ᠎ᠡ ᠲᠥᠷᠥᠯ ᠤᠨ | ᠠᠵᠤ ᠠᠬᠤᠶᠢᠯᠠᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠬᠤ ᠺᠠᠷᠲ ᠢ ᠪᠠᠩᠬᠢ ᠶᠢᠨ | ᠬᠢᠨᠠᠯᠲᠠ ᠶᠢᠨ ᠰᠢᠰᠲ᠋ᠧᠮ ᠳᠤ ᠣᠷᠣᠭᠤᠯᠵᠤ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠲᠤ | ᠪᠦᠲᠦᠮᠵᠢᠲᠠᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠥᠷᠢᠲᠦᠭᠰᠡᠨ ᠠᠵᠤ ᠠᠬᠤᠶᠢᠯᠠᠯ ᠤᠨ ᠪᠡᠯᠡ ᠮᠦᠩᠬᠦ ᠰᠢᠯᠵᠢᠭᠦᠯᠬᠦ ᠶᠢ ᠴᠢᠩᠭ᠎ᠠ | ᠬᠤᠷᠢᠭᠯᠠᠵᠤ᠂ ᠡᠭᠦᠨ ᠤ ᠬᠠᠮᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠠᠵᠤ | ᠠᠬᠤᠶᠢᠯᠠᠯ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠷᠢᠭᠤᠴᠠᠨ᠎ᠠ᠃ | ᠰᠤᠷᠲᠠᠯ ᠤᠬᠠᠭᠤᠯᠭ᠎ᠠ ᠶᠢᠨ ᠰᠠᠯᠠᠭ᠎ᠠ ᠮᠥᠴᠢᠷ ᠠᠴᠠ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ | ᠤᠨ ᠬᠠᠮᠢᠶ᠎ᠠ ᠪᠦᠬᠦᠢ ᠮᠡᠳᠡᠭᠡᠯᠡᠯ ᠢ ᠰᠠᠶᠢᠲᠤᠷ ᠬᠢᠬᠦ ᠶᠢ ᠵᠤᠬᠢᠴᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠠᠮᠢᠶᠠᠷᠤᠨ ᠡᠵᠡᠮᠳᠡᠬᠦ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠶᠢ ᠬᠠᠷᠢᠭᠤᠴᠠᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠤᠯᠭᠤᠮᠵᠢ ᠶᠢ ᠪᠠᠲᠤᠯᠠᠬᠤ ᠠᠵᠢᠯ ᠤᠨ ᠳᠤᠮᠳᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠤᠢᠭᠡᠢ᠂ ᠵᠣᠬᠢᠶᠠᠨ ᠪᠠᠶᠢᠭᠤᠯᠬᠤ ᠠᠵᠢᠯ ᠪᠣᠳᠠᠲᠠᠢ ᠪᠢᠰᠢ᠂ ᠲᠤᠰᠢᠶᠠᠯ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠦᠭᠡᠢ ᠨᠢᠭᠡᠴᠡ ᠪᠠ ᠬᠤᠪᠢ ᠬᠦᠮᠦᠨ ᠠᠴᠠ ᠬᠠᠷᠢᠭᠤᠴᠠᠯᠭ᠎ᠠ | ᠨᠡᠬᠡᠮᠵᠢᠯᠡᠵᠤ᠂ ᠬᠠᠤᠯᠢ ᠶᠣᠰᠣᠭᠠᠷ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠬᠦ ᠶᠢ ᠬᠠᠷᠢᠭᠤᠴᠠᠨ᠎ᠠ᠃ | ︵ᠬᠤᠶᠠᠷ︶ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠬᠡᠷᠡᠭᠵᠢᠭᠦᠯᠦᠨ᠎ᠡ᠃ ᠬᠠᠷᠠᠯᠲᠠᠲᠤ | ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢ ᠪᠠᠲᠤᠯᠠᠬᠤ ᠠᠵᠢᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨᠠᠨ ᠰᠢᠯᠭᠠᠵᠤ ᠦᠨᠡᠯᠡᠬᠦ | ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠤᠷᠤᠭᠤᠯᠤᠨ᠎ᠠ᠃ ᠳᠡᠭᠡᠳᠦ ᠱᠠᠲᠤᠨ ᠤ ᠵᠠᠰᠠᠭ ᠤᠨ ᠣᠷᠳᠣᠨ ᠨᠢ | ᠳᠤᠤᠷᠠᠳᠤ ᠨᠢᠭᠡ ᠱᠠᠲᠤᠨ ᠤ ᠵᠠᠰᠠᠭ ᠤᠨ ᠣᠷᠳᠣᠨ ᠪᠠ ᠲᠤᠰ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠯᠦᠭᠡ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ ᠶᠢᠨ | ᠬᠠᠮᠲᠤ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ᠴᠠᠯᠢᠩ ᠥᠷᠢᠲᠦᠬᠦ ᠠᠰᠠᠭᠤᠳᠠᠯ ᠠᠴᠠ ᠪᠤᠯᠤᠭᠰᠠᠨ | ᠬᠦᠨᠳᠦ ᠶᠡᠭᠡ ᠣᠯᠠᠨ ᠨᠡᠶᠢᠲᠡ ᠵᠢᠨᠴᠢᠨᠠᠷᠲᠠᠶ ᠬᠡᠷᠡᠭ ᠪᠤᠶᠤ ᠬᠡᠲᠦᠷᠡᠮᠡᠭᠡᠢ ᠬᠡᠷᠡᠭ ᠶᠠᠪᠤᠳᠠᠯ ᠭᠠᠷᠤᠭᠰᠠᠨ ᠭᠠᠵᠠᠷ | ᠣᠷᠣᠨ ᠳᠤ᠂ ᠲᠤᠰ ᠬᠢᠨᠠᠨ ᠰᠢᠯᠭᠠᠯᠲᠠ ᠳᠤ ᠨᠢᠭᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ᠃ | ︵ᠭᠤᠷᠪᠠ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ | ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠪᠠᠶᠢᠭᠤᠯᠤᠨ᠂ ᠬᠡᠷᠡᠭ ᠤᠨ ᠰᠦᠪᠡᠭᠴᠢ ᠶᠢ ᠰᠢᠯᠵᠢᠭᠦᠯᠦᠨ ᠰᠢᠳᠪᠦᠷᠢᠯᠡᠬᠦ | ᠂ ᠪᠠᠶᠢᠴᠠᠭᠠᠬᠤ᠂ ᠪᠣᠯᠵᠣᠨ ᠶᠠᠷᠢᠯᠴᠠᠬᠤ᠂ ᠵᠠᠷᠯᠠᠬᠤ᠂ ᠰᠢᠮᠳᠠᠭᠤᠯᠬᠤ᠂ ᠤᠲᠠᠰᠤ ᠪᠠᠷ ᠬᠠᠷᠢᠭᠤ ᠰᠤᠷᠪᠤᠯᠵᠢᠯᠠᠭ᠎ᠠ | ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠳᠤ ᠳᠠᠷᠠᠭᠠᠯᠠᠨ ᠰᠢᠮᠳᠠᠭᠤᠯᠤᠨ ᠪᠠᠶᠢᠴᠠᠭᠠᠯᠲᠠ ᠥᠷᠨᠢᠭᠦᠯᠦᠨ᠂ | ᠱᠠᠲᠤ ᠱᠠᠲᠤ ᠪᠠᠷ ᠠᠵᠢᠯ ᠤᠨ ᠳᠠᠷᠤᠭᠠᠰᠤ ᠶᠢ ᠳᠠᠮᠵᠢᠭᠤᠯᠤᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠢ ᠤᠳᠠᠭᠠᠰᠢᠷᠠᠭᠤᠯᠤᠨ ᠥᠷᠢᠲᠦᠭᠰᠡᠨ ᠠᠰᠠᠭᠤᠳᠠᠯ ᠣᠯᠠᠨ ᠪᠥᠭᠡᠳ ᠪᠠᠶᠢᠩᠭᠤ ᠡᠭᠦᠰᠬᠦ᠂ ᠢᠯᠡᠴᠢᠯᠡᠭᠡ | ᠵᠠᠭᠠᠯᠳᠤᠯᠭ᠎ᠠ ᠶᠢᠨ ᠬᠡᠮᠵᠢᠶ᠎ᠡ ᠶᠡᠭᠡ ᠪᠠᠶᠢᠭ᠎ᠠ ᠭᠠᠵᠠᠷ ᠣᠷᠣᠨ ᠵᠢᠴᠢ ᠬᠠᠤᠯᠢ ᠠᠴᠠ ᠵᠥᠷᠢᠴᠡᠭᠰᠡᠨ ᠬᠦᠨᠳᠦ ᠶᠡᠭᠡ | ᠬᠡᠷᠡᠭ ᠢ ᠭᠤᠤᠯᠳᠠᠯᠭ᠎ᠠ ᠲᠠᠢ ᠪᠠᠷ ᠰᠢᠮᠳᠠᠭᠤᠯᠤᠨ ᠪᠠᠶᠢᠴᠠᠭᠠᠨ᠎ᠠ︔ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠢ ᠤᠳᠠᠭᠠᠰᠢᠷᠠᠭᠤᠯᠤᠨ ᠥᠷᠢᠲᠦᠭᠰᠡᠨ ᠠᠰᠠᠭᠤᠳᠠᠯ ᠬᠦᠨᠳᠦ ᠨᠣᠴᠢᠲᠠᠶ ᠭᠠᠵᠠᠷ ᠤᠷᠤᠨ ᠤ ᠵᠠᠰᠠᠭ ᠤᠨ | ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ︔ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠬᠦᠴᠦᠲᠡᠶ ᠪᠤᠰᠤ᠂ ᠬᠤᠯᠪᠣᠭᠳᠠᠯ ᠪᠦᠬᠦᠢ | ᠳᠦᠷᠢᠮ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠵᠤᠬᠢᠰ ᠦᠭᠡᠢ ᠰᠢᠢᠳᠪᠦᠷᠢᠯᠡᠭᠰᠡᠨ ᠠᠴᠠ | ᠪᠤᠯᠵᠤ ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠡᠭᠦᠰᠭᠡᠭᠰᠡᠨ ᠪᠤᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠤᠳᠤᠷᠢᠳᠤᠯᠭ᠎ᠠ ᠪᠣᠯᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ︔ ᠵᠠᠰᠠᠭ ᠤᠨ | ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠪᠠᠶᠢᠪᠠᠯ ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ | ᠨᠡᠬᠡᠮᠵᠢᠯᠡᠨ᠎ᠡ᠃ | ᠬᠤᠶᠠᠷ ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ | ᠲᠡᠭᠦᠯᠳᠡᠷᠵᠢᠭᠦᠯᠤᠨ᠎ᠡ | ︵ᠲᠦᠷᠪᠡ︶ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ | ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ᠂ ᠬᠢᠨᠠᠨ ᠵᠥᠪᠰᠢᠶᠡᠷᠡᠬᠦ ᠪᠠ ᠪᠠᠷᠢᠯᠭ᠎ᠠ ᠪᠠᠷᠢᠬᠤ ᠵᠥᠪᠰᠢᠶᠡᠷᠡᠯ ᠶᠢᠨ | ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ᠪᠠᠷ | ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ | ᠬᠢᠨᠠᠨ ᠵᠥᠪᠰᠢᠶᠡᠷᠡᠬᠦ ᠵᠢᠷᠤᠮ ᠶᠢ ᠴᠢᠩᠭ᠎ᠠ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ | ᠪᠣᠳᠠᠲᠠᠶᠢᠵᠢᠭᠤᠯᠤᠭᠰᠠᠨ ᠥᠬᠡᠶ᠂ ᠲᠦᠰᠢᠭ ᠪᠠᠷᠢᠬᠤ᠂ ᠬᠡᠰᠡᠭᠯᠡᠨ ᠳᠠᠭᠠᠭᠠᠴᠢᠯᠠᠭᠤᠯᠬᠤ ᠂ ᠱᠠᠲᠤ ᠱᠠᠲᠤ ᠪᠠᠷ | ᠰᠢᠯᠵᠢᠭᠦᠯᠦᠨ ᠳᠠᠭᠠᠭᠠᠴᠢᠯᠠᠭᠤᠯᠬᠤ ᠵᠡᠷᠭᠡ ᠪᠠᠶᠢᠳᠠᠯ ᠳᠤ ᠴᠥᠮ ᠪᠠᠷᠢᠯᠭ᠎ᠠ ᠪᠠᠷᠢᠬᠤ ᠵᠥᠪᠰᠢᠶᠡᠷᠡᠯ ᠣᠯᠭᠤᠬᠤ ᠦᠭᠡᠢ᠃ | ᠪᠥᠲᠥᠭᠡᠨ ᠪᠠᠶᠢᠭᠤᠯᠬᠤ ᠨᠢᠭᠡᠴᠡ ᠶᠢᠨ ᠤᠷᠢᠳᠠᠪᠠᠷ ᠠᠵᠢᠯ ᠡᠬᠢᠯᠡᠭᠦᠯᠵᠦ ᠳᠠᠷᠠᠭ᠎ᠠ ᠪᠠᠷ ᠨᠢ ᠬᠢᠨᠠᠨ ᠵᠥᠪᠰᠢᠶᠡᠷᠡᠭᠦᠯᠬᠦ | ᠭᠠᠷ ᠭᠦᠢᠴᠡᠳᠬᠡᠯ ᠬᠢᠬᠦ ᠶᠢ ᠴᠢᠩᠭ᠎ᠠ ᠴᠠᠭᠠᠵᠠᠯᠠᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠳᠠᠭᠠᠭᠠᠴᠢᠯᠠᠯᠲᠠ ᠬᠦᠯᠢᠶᠡᠬᠦ ᠨᠢᠭᠡᠴᠡ ᠶᠢᠨ | ᠢᠲᠡᠭᠡᠮᠵᠢ ᠶᠢᠨ ᠮᠡᠳᠡᠭᠡ ᠵᠠᠩᠬᠢ ᠶᠢ ᠬᠢᠨᠠᠨ ᠪᠠᠶᠢᠴᠠᠭᠠᠬᠤ ᠲᠦᠷᠢᠮ ᠢ ᠬᠢᠨᠠᠮᠠᠭᠠᠢ ᠬᠡᠷᠡᠭᠵᠢᠬᠦᠯᠵᠦ᠂ ᠶᠡᠷᠦ ᠶᠢᠨ | ᠢᠲᠡᠭᠡᠯ ᠢᠶᠠᠨ ᠠᠯᠳᠠᠭᠰᠠᠨ ᠪᠠᠶᠢᠪᠠᠯ ᠢᠲᠡᠭᠡᠮᠵᠢ ᠶᠢ ᠨᠢ ᠮᠡᠳᠡᠭᠦᠯᠵᠦ᠂ ᠦᠨᠡᠨᠴᠢ ᠰᠢᠳᠤᠷᠭᠤ ᠪᠠᠷ ᠪᠣᠯᠵᠣᠨ | ᠶᠠᠷᠢᠯᠴᠠᠬᠤ ᠪᠠᠷ ᠵᠠᠯᠬᠠᠭᠠᠨ ᠴᠡᠭᠡᠷᠯᠡᠭᠦᠯᠦᠨ᠎ᠡ︔ ᠨᠡᠯᠢᠶᠡᠳ ᠬᠦᠨᠳᠦ ᠢᠲᠡᠭᠡᠯ ᠢᠶᠠᠨ ᠠᠯᠳᠠᠭᠰᠠᠨ ᠪᠠᠶᠢᠪᠠᠯ᠂ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠬᠢᠨᠠᠨ ᠲᠣᠭᠲᠠᠭᠠᠬᠤ ᠦᠶ᠎ᠡ ᠳᠤ ᠬᠤᠪᠢ ᠬᠠᠰᠤᠨ᠎ᠠ︔ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ᠂ | 3 ᠵᠢᠯ ᠤᠨ ᠳᠣᠲᠣᠷ᠎ᠠ ᠢᠲᠡᠭᠡᠮᠵᠢ ᠪᠠᠨ ᠰᠡᠷᠭᠦᠭᠡᠭᠰᠡᠨ ᠦᠭᠡᠢ ᠪᠠᠶᠢᠪᠠᠯ᠂ ᠲᠤᠰ ᠭᠠᠵᠠᠷ ᠣᠷᠣᠨ ᠤ | ᠪᠠᠷᠢᠯᠭ᠎ᠠ ᠵᠢᠨᠲ᠋ᠥ᠋ᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠤᠷᠤᠯᠴᠠᠬᠤ ᠶᠢ | ᠴᠢᠩᠭ᠎ᠠ ᠬᠢᠵᠠᠭᠠᠷᠯᠠᠨ᠎ᠠ᠃ | ︵ᠲᠠᠪᠤ︶ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ | ᠮᠥᠴᠢᠷ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ | ᠪᠠ ᠪᠡᠯᠡ ᠮᠦᠩᠬᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠂ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠢᠷᠡᠯᠳᠡ ᠨᠠᠶᠢᠳᠠᠪᠤᠷᠢ ᠦᠭᠡᠢ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠵᠦᠢᠯᠡᠰ ᠢ ᠴᠥᠮ | ᠵᠥᠪᠰᠢᠶᠡᠷᠡᠵᠦ ᠪᠣᠯᠬᠤ ᠦᠭᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ | ᠤᠳᠠᠭᠠᠰᠢᠷᠠᠭᠤᠯᠤᠭᠰᠠᠨ ᠪᠠ ᠪᠠᠷᠢᠯᠭ᠎ᠠ ᠶᠢᠨ ᠰᠦᠢᠳᠭᠡᠯ ᠢ ᠥᠷᠢᠲᠦᠵᠦ ᠪᠠᠶᠢᠭ᠎ᠠ ᠨᠢᠭᠡᠴᠡ ᠳᠤ ᠰᠢᠨ᠎ᠡ ᠲᠦᠷᠦᠯ | ᠵᠦᠢᠯ ᠢ ᠡᠬᠢᠯᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠵᠦ ᠪᠣᠯᠬᠤ ᠦᠭᠡᠢ᠃ ᠵᠠᠰᠠᠭ ᠤᠨ ᠣᠷᠳᠣᠨ ᠤ ᠪᠠᠯᠠ | ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠰᠠᠷ᠎ᠠ ᠪᠦᠷᠢ | ᠲᠤᠭ᠎ᠠ ᠶᠣᠰᠣᠭᠠᠷ ᠨᠢ ᠥᠭᠬᠦ ᠬᠡᠷᠡᠭᠲᠡᠶ᠂ ᠬᠥᠮᠦᠨ ᠤ ᠬᠦᠴᠦᠨ ᠤ ᠰᠦᠢᠳᠭᠡᠯ ᠪᠣᠯᠤᠨ ᠪᠠᠷᠢᠯᠭ᠎ᠠ ᠶᠢᠨ ᠪᠤᠰᠤᠳ | ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠶᠢ ᠬᠡᠷᠡᠭᠵᠢᠭᠦᠯᠬᠦ ᠪᠠ ᠭᠡᠷᠡᠡᠴᠡ ᠵᠥᠷᠢᠴᠡᠭᠰᠡᠨ | ᠭᠡᠷ᠎ᠡ ᠶᠢ ᠵᠤᠭᠰᠤᠭᠠᠬᠤ ᠵᠡᠷᠭᠡ ᠠᠭᠤᠯᠭ᠎ᠠ ᠶᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠢᠴᠢᠵᠦ | ᠣᠷᠣᠭᠤᠯᠵᠤ ᠬᠡᠷᠡᠭᠲᠡᠢ᠂ ᠳᠠᠭᠠᠭᠠᠴᠢᠯᠠᠯᠲᠠ ᠶᠢ ᠦᠨᠡᠯᠡᠬᠦ ᠪᠠᠷᠢᠮᠵᠢᠶ᠎ᠠ ᠪᠤᠶᠤ ᠳᠠᠭᠠᠭᠠᠴᠢᠯᠠᠯᠲᠠ ᠤᠯᠬᠤ ᠠᠮᠠᠯᠠᠯᠲᠠ | ᠪᠤᠯᠭᠠᠨ᠎ᠠ᠃ | ︵ᠵᠢᠷᠭᠤᠭ᠎ᠠ︶ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ︵ᠬᠥᠳᠡᠯᠮᠦᠷᠢ ᠦᠢᠯᠡᠴᠢᠯᠡᠭᠡᠨ ᠤ | ᠰᠦᠢᠳᠭᠡᠯ︶ ᠤᠨ ᠲᠤᠰᠬᠠᠶ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ | ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ︵ᠬᠥᠳᠡᠯᠮᠦᠷᠢ ᠦᠢᠯᠡᠴᠢᠯᠡᠭᠡᠨ ᠤ ᠰᠦᠢᠳᠭᠡᠯ︶ ᠤᠨ | ᠲᠤᠰᠬᠠᠶ ᠲᠠᠩᠰᠠᠨ ᠡᠷᠦᠬᠡ ᠶᠢ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭ᠎ᠠ ᠭᠠᠵᠠᠷ ᠤᠨ ᠪᠠᠩᠬᠢ ᠳᠤ ᠳᠣᠭᠢᠷᠠᠭᠤᠯᠤᠨ ᠪᠠᠶᠢᠭᠤᠯᠵᠤ᠂ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠳᠤ ᠲᠤᠰᠬᠠᠶ ᠬᠡᠷᠡᠭᠯᠡᠨ᠎ᠡ᠃ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠥᠮᠦᠨ ᠤ ᠬᠦᠴᠦᠨ ᠤ ᠰᠦᠢᠳᠭᠡᠯ ᠪᠣᠯᠤᠨ ᠪᠠᠷᠢᠯᠭ᠎ᠠ ᠶᠢᠨ ᠪᠤᠰᠤᠳ | ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠳᠤ ᠤᠷᠢᠳᠴᠢᠯᠠᠨ ᠵᠠᠷᠤᠴᠠᠭᠤᠯᠬᠤ ︵ᠬᠥᠳᠡᠯᠮᠦᠷᠢ ᠦᠢᠯᠡᠴᠢᠯᠡᠭᠡᠨ ᠤ ᠰᠦᠢᠳᠭᠡᠯ︶ | ᠮᠦᠩᠬᠦ ᠶᠢ ᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ | ᠂ ᠪᠣᠳᠠᠲᠠᠶ ᠲᠠᠩᠰᠠ ᠪᠠᠶᠢᠭᠤᠯᠬᠤ ᠬᠠᠷᠢᠴᠠᠯ ᠢ ᠪᠠᠷᠢᠯᠭ᠎ᠠ ᠶᠢᠨ ᠶᠡᠷᠦᠩᠬᠡᠶ ᠦᠢᠯᠡᠳᠬᠦ ᠦᠨ᠎ᠡ ᠶᠢᠨ 30 % ᠪᠠᠷ | ᠲᠣᠭᠲᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠳᠤ ᠲᠤᠰᠬᠠᠶ ᠬᠡᠷᠡᠭᠯᠡᠨ᠎ᠡ ︵ | ᠬᠥᠳᠡᠯᠮᠦᠷᠢ ᠦᠢᠯᠡᠴᠢᠯᠡᠭᠡᠨ ᠤ ᠰᠦᠢᠳᠬᠡᠯ︶᠃ ᠪᠣᠢ ᠪᠦᠬᠦᠢ ᠲᠦᠷᠥᠯ ᠵᠦᠢᠯ ᠤᠨ ᠪᠥᠲᠥᠭᠡᠨ ᠪᠠᠶᠢᠭᠤᠯᠬᠤ | ᠨᠢᠭᠡᠴᠡ ᠴᠥᠮ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠰᠠᠨ ᠬᠠᠷᠢᠴᠠᠯ ᠪᠠ | ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠤᠨ ᠪᠠᠶᠢᠭᠤᠯᠤᠭᠰᠠᠨ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠤᠨ ᠲᠠᠩᠰᠠᠨ ᠡᠷᠦᠬᠡ ᠳᠤ ᠬᠠᠷᠢᠶ᠎ᠠ ᠭᠠᠵᠠᠷ ᠤᠨ ᠠᠵᠢᠯ ᠲᠥᠷᠥᠯ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠳᠠᠩᠰᠠ ᠪᠠᠶᠢᠭᠤᠯᠤᠭᠰᠠᠨ ᠪᠠᠩᠬᠢ ᠨᠢ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠤᠨ ᠲᠤᠰᠬᠠᠶ ᠳᠠᠩᠰᠠᠨ ᠡᠷᠦᠬᠡ ᠶᠢᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠂ ᠨᠡᠭᠦᠯᠭᠡᠨ ᠬᠡᠷᠡᠭᠯᠡᠭᠰᠡᠨ ᠵᠡᠷᠭᠡ | ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠷᠢᠶ᠎ᠠ ᠭᠠᠵᠠᠷ ᠤᠨ ᠠᠵᠢᠯ ᠲᠥᠷᠥᠯ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠮᠡᠳᠡᠭᠦᠯᠵᠦ᠂ ᠲᠤᠰᠬᠠᠶ ᠮᠥᠩᠭᠦ ᠶᠢ ᠲᠤᠰᠬᠠᠶ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠠᠰ ᠲᠤᠨᠢ ᠲᠠᠩᠰᠠ | ᠪᠠᠶᠢᠭᠤᠯᠤᠨ ᠬᠠᠮᠢᠶᠠᠷᠬᠤ ᠶᠢ ᠭᠦᠢᠴᠡᠳᠭᠡᠭᠰᠡᠨ ᠦᠭᠡᠢ ᠪᠤᠶᠤ ᠪᠠᠷᠢᠯᠭ᠎ᠠ ᠪᠠᠶᠢᠭᠤᠯᠬᠤ ᠨᠢᠭᠡᠴᠡ᠂ ᠪᠠᠷᠢᠯᠭ᠎ᠠ ᠶᠢᠨ | ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠬᠥᠮᠦᠨ ᠤ | ᠬᠦᠴᠦᠨ ᠤ ᠵᠠᠷᠤᠳᠠᠯ ︵ᠬᠥᠳᠡᠯᠮᠦᠷᠢ ᠦᠢᠯᠡᠴᠢᠯᠡᠭᠡᠨ ᠤ ᠰᠦᠢᠳᠬᠡᠯ︶ ᠤᠨ ᠲᠤᠰᠬᠠᠶ ᠲᠠᠩᠰᠠᠨ ᠳᠤ ᠰᠢᠯᠵᠢᠭᠦᠯᠦᠭᠰᠡᠨ | ᠦᠭᠡᠢ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠭᠠᠷᠤᠭᠰᠠᠨ ᠦᠶ᠎ᠡ ᠳᠤ᠂ ᠪᠠᠷᠢᠯᠭ᠎ᠠ | ᠪᠠᠶᠢᠭᠤᠯᠬᠤ ᠨᠢᠭᠡᠴᠡ ᠪᠤᠶᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠢ ᠲᠦᠯᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ 2018 ᠣᠨ ᠤ | ᠰᠡᠭᠦᠯᠴᠢ ᠪᠣᠯᠬᠤ ᠳᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ︵ᠬᠥᠳᠡᠯᠮᠦᠷᠢ ᠦᠢᠯᠡᠴᠢᠯᠡᠭᠡᠨ ᠤ | ᠰᠦᠢᠳᠬᠡᠯ︶ ᠤᠨ ᠲᠤᠰᠬᠠᠶ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ ᠪᠠᠶᠢᠭ᠎ᠠ ᠪᠥᠬᠦ | ᠪᠠᠷᠢᠯᠭ᠎ᠠ ᠶᠢᠨ ᠲᠥᠷᠥᠯ ᠵᠦᠢᠯ ᠢ ᠪᠦᠷᠬᠦᠭᠡᠨᠡ᠃ | ᠭᠤᠷᠪᠠ᠂ ᠴᠠᠯᠢᠩ ᠣᠯᠭᠤᠮᠵᠢ ᠥᠭᠬᠦ ᠶᠢ ᠬᠢᠨᠠᠨ ᠡᠵᠡᠮᠳᠡᠬᠦ ᠲᠤᠭᠲᠠᠴᠠ ᠶᠢ ᠲᠡᠭᠦᠯᠳᠡᠷᠵᠢᠭᠦᠯᠦᠨ᠎ᠡ | ︵ᠳᠣᠯᠤᠭ᠎ᠠ︶ ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠨᠡᠨ ᠨᠡᠷ᠎ᠡ ᠶᠢᠨ ᠬᠠᠮᠢᠶᠠᠷᠤᠯᠲᠠ ᠶᠢᠨ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ | ᠠᠬᠤᠶᠢᠯᠠᠯ ᠪᠠ ᠢᠨᠵᠧᠨᠧᠷᠢᠩ ᠤᠨ ᠲᠥᠷᠦᠯ ᠵᠦᠢᠯ ᠤᠨ ᠬᠡᠯᠲᠡᠰ ᠠᠴᠠ ᠬᠦᠳᠡᠯᠮᠦᠷᠢ ᠬᠥᠷᠦᠩᠭᠡ ᠶᠢᠨ ᠲᠤᠰᠬᠠᠢ | ᠬᠠᠮᠢᠶᠠᠷᠤᠭᠴᠢ ᠲᠣᠬᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠪᠡᠶ᠎ᠡ ᠬᠡᠮ ᠤᠨ ᠮᠡᠳᠡᠭᠡ ᠵᠠᠩᠬᠢ ᠶᠢ | ᠬᠢᠨᠠᠨ ᠬᠠᠷᠭᠤᠭᠤᠯᠵᠤ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠪᠥᠬᠦ ᠬᠦᠳᠡᠯᠮᠦᠷᠢ | ᠦᠢᠯᠡᠴᠢᠯᠡᠭᠡ ᠶᠢᠨ ᠠᠵᠢᠯᠲᠠᠨ ︵ᠰᠢᠭᠤᠳ ᠡᠯᠰᠡᠨ ᠬᠡᠷᠡᠭᠯᠡᠭᠰᠡᠨ ᠪᠠ ᠬᠤᠪᠢᠶᠠᠨ ᠳᠠᠭᠠᠭᠠᠴᠢᠯᠠᠭᠰᠠᠨ ᠠᠵᠤ | ᠠᠬᠤᠶᠢᠯᠠᠯ ᠤᠨ ᠡᠯᠰᠡᠨ ᠬᠡᠷᠡᠭᠯᠡᠭᠰᠡᠨ ᠠᠵᠢᠯᠲᠠᠨ ᠢ ᠪᠠᠭᠲᠠᠭᠠᠨ᠎ᠠ︶ ᠢ ᠬᠡᠷᠡᠭᠯᠡᠬᠦ ᠨᠡᠷ᠎ᠡ ᠶᠢᠨ ᠪᠦᠷᠢᠳᠬᠡᠯ ᠢ | ᠨᠠᠶᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠣᠷᠤᠵᠤ ᠭᠠᠷᠬᠤ᠂ ᠠᠵᠢᠯ ᠳᠤ ᠭᠠᠷᠬᠤ ᠶᠢ ᠰᠢᠯᠭᠠᠬᠤ᠂ | ᠴᠠᠯᠢᠩ ᠣᠯᠭᠤᠮᠵᠢ ᠥᠭᠬᠦ ᠵᠡᠷᠭᠡ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠵᠤ᠂ ᠬᠦᠴᠦ ᠶᠠᠪᠤᠭᠴᠢ ᠮᠠᠯᠴᠢᠨ | ᠲᠠᠷᠢᠶᠠᠴᠢᠨ ᠢᠶᠠᠷ ᠭᠠᠷ ᠤᠨ ᠦᠰᠦᠭ ᠵᠢᠷᠤᠭᠤᠯᠬᠤ ᠶᠢᠨ ᠬᠠᠮᠲᠤ 3 ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ | ᠃ ᠡᠯ᠎ᠡ ᠱᠠᠲᠤᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠬᠠᠷᠢᠭᠤᠴᠠᠵᠤ ᠲᠤᠰ ᠠᠵᠢᠯ ᠲᠥᠷᠦᠯ ᠤᠨ ᠢᠨᠵᠧᠨᠧᠷᠢᠭ ᠤᠨ ᠪᠦᠲᠦᠭᠡᠨ ᠪᠠᠶᠢᠭᠤᠯᠤᠯᠲᠠ ᠶᠢᠨ | ᠲᠥᠷᠦᠯ ᠵᠦᠢᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠬᠦ ᠶᠢ ᠰᠢᠮᠳᠠᠭᠤᠯᠬᠤ ᠶᠢᠨ ᠬᠠᠮᠲᠤ ᠲᠤᠰᠬᠠᠢ ᠬᠠᠮᠢᠶᠠᠷᠤᠯᠲᠠ ᠶᠢᠨ ᠡᠬᠡ ᠳᠠᠩᠰᠠ᠂ ᠳᠠᠩᠰᠠ ᠡᠪᠬᠡᠮᠡᠯ | ᠭᠠᠷᠭᠠᠵᠤ᠂ 2018 ᠣᠨ ᠤ ᠵᠢᠯ ᠤᠨ ᠡᠴᠦᠰ ᠪᠣᠯᠲᠠᠯ᠎ᠠ ᠴᠦᠮ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ | ᠬᠡᠷᠡᠭᠵᠢᠭᠦᠯᠦᠭᠰᠡᠨ ᠪᠠᠶᠢᠬᠤ ᠶᠢ ᠪᠠᠲᠤᠯᠠᠬᠤ ᠬᠡᠷᠡᠭᠲᠠᠢ᠃ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠤᠭᠤᠴᠠᠭ᠎ᠠ ᠶᠤᠰᠤᠭᠠᠷ ᠬᠡᠷᠡᠭᠵᠢᠭᠦᠯᠦᠭᠰᠡᠨ | ᠦᠭᠡᠢ ᠪᠠᠷᠢᠯᠭ᠎ᠠ ᠶᠢᠨ ᠠᠵᠤ ᠠᠬᠤᠶᠢᠯᠠᠯ ᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠤᠭᠠᠷ ᠵᠠᠷᠯᠠᠨ ᠨᠡᠶᠢᠲᠡᠯᠡᠬᠦ᠂ | ᠲᠣᠭᠲᠠᠮᠠᠯ ᠬᠤᠭᠤᠴᠠᠭ᠎ᠠ ᠲᠠᠢ ᠵᠠᠰᠠᠨ ᠴᠡᠭᠴᠡᠯᠡᠬᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ | ᠣᠷᠤᠯᠴᠠᠬᠤ ᠶᠢ ᠬᠢᠵᠠᠭᠠᠷᠯᠠᠬᠤ᠂《ᠬᠠᠷ᠎ᠠ ᠳᠠᠩᠰᠠ》 ᠳᠤ ᠣᠷᠤᠭᠤᠯᠬᠤ᠂ ᠵᠠᠬ᠎ᠠ ᠳᠡᠯᠭᠡᠭᠦᠷ ᠠᠴᠠ ᠭᠠᠷᠭᠠᠬᠤ ᠵᠡᠷᠭᠡ | ᠠᠷᠭ᠎ᠠ ᠪᠠᠷ ᠵᠠᠯᠬᠠᠭᠠᠨ ᠰᠢᠢᠳᠬᠡᠨ᠎ᠡ᠃ | ︵ᠨᠠᠢᠮᠠ︶ ᠪᠠᠩᠬᠢ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠰᠠᠷ᠎ᠠ ᠪᠠᠷ | ᠣᠷᠤᠯᠠᠨ ᠲᠠᠷᠬᠠᠭᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠡᠯ᠎ᠡ ᠲᠥᠷᠦᠯ ᠤᠨ ᠠᠵᠤ | ᠠᠬᠤᠶᠢᠯᠠᠯ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ︵ᠬᠦᠯᠦᠰᠦᠨ ᠮᠥᠩᠭᠦ︶ ᠶᠢ | ᠣᠷᠤᠯᠠᠨ ᠲᠠᠷᠬᠠᠭᠠᠬᠤ ᠶᠢ ᠪᠠᠩᠬᠢ ᠳᠤ ᠨᠠᠶᠢᠳᠠᠵᠤ᠂ ᠣᠶᠢᠷᠠᠯᠴᠠᠭ᠎ᠠ ᠪᠠᠶᠢᠬᠤ᠂ ᠲᠤᠬᠠᠢ ᠶᠢᠨ ᠭᠠᠵᠠᠷ᠂ ᠠᠳᠠᠯᠢ | ᠪᠠᠶᠢᠬᠤ ᠵᠠᠷᠴᠢᠮ ᠢᠶᠠᠷ ᠲᠤᠰ ᠭᠠᠵᠠᠷ ︵ᠪᠠᠷᠢᠯᠭ᠎ᠠ ᠶᠢᠨ ᠭᠠᠵᠠᠷ︶ ᠤᠨ ᠣᠶᠢᠷᠠᠯᠴᠠᠭ᠎ᠠ ᠠᠳᠠᠯᠢ ᠨᠢᠭᠡᠨ ᠪᠠᠩᠬᠢ ᠳᠤ | ᠠᠵᠤ ᠠᠬᠤᠶᠢᠯᠠᠯ ᠤᠨ ᠳᠠᠩᠰᠠ ᠪᠠ ᠴᠠᠯᠢᠩ ᠣᠯᠭᠤᠮᠵᠢ ᠣᠷᠤᠯᠠᠨ ᠲᠠᠷᠬᠠᠭᠠᠬᠤ ᠬᠤᠪᠢ ᠬᠦᠮᠦᠨ ᠤ ᠳᠠᠩᠰᠠ ︵ | ᠬᠠᠳᠠᠭᠠᠯᠠᠮᠵᠢ ᠶᠢᠨ ᠳᠠᠩᠰᠠ︶ ᠨᠡᠭᠡᠭᠡᠵᠤ᠂ ᠳᠠᠩᠰᠠ ᠶᠢᠨ ᠨᠡᠷ᠎ᠡ ᠪᠠᠨ《ᠬᠠᠤᠯᠢ ᠶᠢᠨ ᠡᠷᠬᠡᠲᠡᠨ ᠤ ᠨᠡᠷ᠎ᠡ + ᠲᠥᠷᠦᠯ | ᠵᠦᠢᠯ ᠤᠨ ᠬᠡᠯᠲᠡᠰ ᠤᠨ ᠨᠡᠷ᠎ᠡ + ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠲᠤᠰᠬᠠᠢ | ᠳᠠᠩᠰᠠ》ᠪᠤᠶᠤ《 ᠬᠠᠤᠯᠢ ᠶᠢᠨ ᠡᠷᠬᠡᠲᠡᠨ ᠤ ᠨᠡᠷ᠎ᠡ + ᠴᠠᠯᠢᠩ ᠣᠯᠭᠤᠮᠵᠢ ᠶᠢᠨ ᠳᠤᠰᠬᠠᠢ ᠳᠠᠩᠰᠠ》ᠭᠡᠵᠤ | ᠨᠢᠭᠡᠳᠦᠯᠲᠠᠢ ᠳᠦᠷᠢᠮᠵᠢᠭᠦᠯᠬᠦ ᠬᠡᠷᠡᠭᠲᠠᠢ᠃ ᠪᠠᠩᠬᠢ ᠲᠠᠢ ᠣᠷᠤᠯᠠᠨ ᠲᠠᠷᠬᠠᠭᠠᠬᠤ ᠬᠡᠯᠡᠯᠴᠡᠭᠡᠷ ᠲᠣᠭᠲᠠᠵᠤ᠂ ᠴᠠᠯᠢᠩ | ᠣᠯᠭᠤᠮᠵᠢ ︵ᠬᠦᠯᠦᠰᠦᠨ ᠮᠥᠩᠭᠦ︶ ᠲᠠᠷᠬᠠᠭᠠᠬᠤ ᠡᠳᠣᠷ ᠰᠠᠷ᠎ᠠ᠂ ᠠᠵᠢᠯᠲᠠᠨ ᠤ ᠬᠤᠪᠢᠷᠠᠯᠲᠠ ᠶᠢᠨ ᠪᠠᠶᠢᠳᠠᠯ ᠵᠢᠴᠢ | ᠲᠤᠰ ᠲᠤᠰ ᠤᠨ ᠡᠷᠬᠡ ᠡᠭᠦᠷᠭᠡ ᠪᠠᠨ ᠲᠣᠳᠤᠷᠬᠠᠶᠢᠯᠠᠨ᠎ᠠ᠃ ᠬᠤᠪᠢ ᠬᠦᠮᠦᠨ ᠤ ᠴᠠᠯᠢᠩ ᠣᠯᠭᠤᠮᠵᠢ ︵ᠬᠦᠯᠦᠰᠦᠨ | ᠮᠥᠩᠭᠦ︶ ᠶᠢᠨ ᠺᠠᠷᠲ ᠪᠠᠶᠢᠭᠤᠯᠬᠤ ᠳᠤ ᠲᠤᠤᠷᠠᠬᠢ ᠠᠭᠤᠯᠭ᠎ᠠ ᠶᠢ ᠦᠨᠳᠦᠰᠦᠯᠡᠨ ᠬᠡᠷᠡᠭᠵᠢᠭᠦᠯᠦᠨ᠎ᠡ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠵᠤ ᠠᠬᠤᠶᠢᠯᠠᠯ ᠨᠢ ᠴᠠᠯᠢᠩ ᠣᠯᠭᠤᠮᠵᠢ ᠶᠢ ᠰᠠᠷ᠎ᠠ ᠪᠦᠷᠢ ᠨᠡᠶᠢᠭᠡᠮ ᠤᠨ | ᠪᠠᠲᠤᠯᠠᠭ᠎ᠠ ᠶᠢᠨ ᠺᠠᠷᠲ ᠢ ᠠᠴᠢᠶᠠᠯᠠᠭᠰᠠᠨ ᠪᠠᠩᠬᠢ ᠶᠢᠨ ᠳᠠᠩᠰᠠᠨ ᠳᠤ ᠣᠷᠤᠭᠤᠯᠵᠤ᠂ ᠬᠤᠪᠢ ᠬᠦᠮᠦᠨ ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠷ ᠪᠠᠩᠬᠢ ᠪᠠᠷ ᠳᠠᠮᠵᠢᠨ ᠴᠠᠯᠢᠩ ᠣᠯᠭᠤᠮᠵᠢ ᠠᠪᠴᠤ ᠪᠤᠯᠤᠨ᠎ᠠ᠃ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠣᠷᠤᠨ ᠤ ᠬᠡᠪᠴᠢᠶᠡᠨ ᠳᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠦᠭᠡᠢ ᠬᠦᠴᠦ ᠶᠠᠪᠤᠭᠴᠢ | ᠮᠠᠯᠴᠢᠨ ᠲᠠᠷᠢᠶᠠᠴᠢᠨ ᠳᠤ ᠪᠠᠷᠢᠯᠭ᠎ᠠ ᠶᠢᠨ ᠠᠵᠤ ᠠᠬᠤᠶᠢᠯᠠᠯ ᠠᠴᠠ ᠬᠠᠷᠢᠭᠤᠴᠠᠨ ᠴᠠᠯᠢᠩ ᠣᠯᠭᠤᠮᠵᠢ ᠶᠢᠨ | ᠪᠠᠩᠬᠢ ᠶᠢᠨ ᠺᠠᠷᠲ ᠨᠡᠭᠡᠭᠡᠵᠤ ᠥᠭᠬᠦ ᠶᠢᠨ ᠬᠠᠮᠲᠤ ᠪᠠᠩᠬᠢ ᠠᠴᠠ ᠰᠠᠷ᠎ᠠ ᠪᠦᠷᠢ ᠴᠠᠯᠢᠩ ᠣᠯᠭᠤᠮᠵᠢ ᠶᠢ ᠣᠷᠤᠯᠠᠨ | ᠲᠠᠷᠬᠠᠭᠠᠨ᠎ᠠ᠃ ᠠᠵᠢᠯᠯᠠᠭᠰᠠᠨ ᠬᠤᠭᠤᠴᠠᠭ᠎ᠠ 1 ᠰᠠᠷ᠎ᠠ ᠬᠦᠷᠬᠦ ᠦᠭᠡᠢ ᠣᠬᠤᠷ ᠬᠤᠭᠤᠴᠠᠭᠠᠨ ᠤ ᠪᠤᠶᠤ ᠲᠦᠷ | ᠴᠠᠭ ᠤᠨ ᠠᠵᠢᠯᠴᠢᠨ ᠤ ᠴᠠᠯᠢᠩ ᠣᠯᠭᠤᠮᠵᠢ ᠶᠢ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭᠠᠬᠢ 5 ᠠᠵᠢᠯᠯᠠᠬᠤ | ᠡᠳᠤᠷ ᠤᠨ ᠳᠣᠲᠤᠷ᠎ᠠ ᠪᠣᠳᠤᠵᠤ ᠳᠠᠭᠤᠰᠬᠠᠬᠤ ᠪᠤᠶᠤ ᠡᠳᠤᠷ ᠢᠶᠠᠷ ᠴᠠᠯᠢᠩ ᠣᠯᠭᠤᠮᠵᠢ ᠥᠭᠬᠦ ᠬᠡᠷᠡᠭᠲᠠᠢ᠃ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ︵ᠬᠥᠯᠦᠰᠦᠨ ᠮᠥᠩᠭᠦ︶ ᠶᠢ ᠪᠠᠩᠬᠢ ᠠᠴᠠ ᠰᠠᠷ᠎ᠠ ᠪᠠᠷ | ᠣᠷᠤᠯᠠᠨ ᠥᠭᠬᠦ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠦᠭᠡᠢ ᠠᠵᠤ ᠠᠬᠤᠶᠢᠯᠠᠯ ᠢ ᠢᠨᠵᠧᠨᠧᠷᠢᠩ ᠤᠨ ᠪᠥᠲᠦᠭᠡᠨ | ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠬᠦᠮᠦᠨ ᠤ ᠬᠦᠴᠦᠨ ᠤ | ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠤᠨ ᠭᠤᠣᠯᠳᠠᠯᠭ᠎ᠠ ᠲᠠᠢ ᠬᠢᠨᠠᠨ | ᠬᠠᠮᠢᠶᠠᠷᠬᠤ ᠪᠠ ᠪᠠᠶᠢᠴᠠᠭᠠᠬᠤ ᠡᠳᠡᠬᠡᠳ ᠪᠤᠯᠭᠠᠵᠤ᠂ ᠲᠠᠷᠤᠢ ᠲᠦᠷᠭᠡᠨ ᠠᠵᠢᠯ ᠵᠣᠭᠰᠤᠭᠠᠬᠤ᠂ ᠬᠤᠭᠤᠴᠠᠭ᠎ᠠ | ᠶᠤᠰᠤᠭᠠᠷ ᠵᠠᠰᠠᠨ ᠴᠡᠭᠴᠡᠯᠡᠬᠦ᠂《ᠬᠠᠷ᠎ᠠ ᠳᠠᠩᠰᠠ》 ᠳᠤ ᠣᠷᠤᠭᠤᠯᠬᠤ ᠵᠡᠷᠭᠡ ᠠᠷᠭ᠎ᠠ ᠠᠪᠴᠠᠯ ᠢᠶᠠᠷ ᠰᠢᠮᠳᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠶᠣᠰᠤᠭᠠᠷ | ᠰᠢᠢᠳᠪᠦᠷᠢᠯᠡᠨ᠎ᠡ᠃ | ︵ᠶᠢᠰᠦ︶ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠪᠠ ᠪᠠᠴᠢᠮ ᠪᠠᠶᠢᠳᠠᠯ ᠢ ᠠᠷᠭᠠᠴᠠᠬᠤ | ᠡᠷᠭᠢᠯᠲᠡ ᠶᠢᠨ ᠮᠥᠩᠭᠦ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠬᠦ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠴᠦᠮ《ᠦᠪᠡᠷᠲᠡᠭᠡᠨ ᠵᠠᠰᠠᠬᠤ ᠣᠷᠤᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ | ᠠᠷᠭ᠎ᠠ》 ᠶᠢ ᠦᠨᠳᠦᠰᠦᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ | ᠮᠥᠩᠭᠦ ᠲᠤᠰᠢᠶᠠᠵᠤ᠂ ᠪᠠᠲᠤᠯᠠᠭ᠎ᠠ ᠶᠢᠨ ᠮᠥᠩᠭᠦ ᠶᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠠ ᠪᠠᠷᠢᠯᠭ᠎ᠠ ᠶᠢᠨ | ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠲᠤᠰ ᠪᠦᠷᠢ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠥᠷᠦᠯ ᠵᠦᠢᠯ ᠢᠶᠠᠷ ᠨᠢᠭᠡᠴᠢ ᠪᠣᠯᠭᠠᠨᠲ᠋ᠤᠰᠢᠶᠠᠨᠠ ︔ ᠢᠨᠵᠧᠨᠧᠷᠢᠩ ᠳᠣᠮᠳᠠ ᠬᠠᠳᠠᠭᠰᠠᠨ | ᠦᠨ᠎ᠡ ᠨᠢ 1000 ᠲᠦᠮᠡ ᠠᠴᠠ ᠪᠠᠭ᠎ᠠ ᠪᠠᠶᠢᠪᠠᠯ᠂ ᠲᠤᠰ ᠪᠦᠷᠢ ᠢᠨᠵᠧᠨᠧᠷᠢᠩ ᠤᠨ ᠦᠨ᠎ᠡ ᠶᠢᠨ 15% ᠪᠠᠷ | ᠲᠤᠰᠢᠶᠠᠨ᠎ᠠ︔ ᠢᠨᠵᠧᠨᠧᠷᠢᠩ ᠳᠣᠮᠳᠠ ᠬᠠᠳᠠᠭᠰᠠᠨ ᠦᠨ᠎ᠡ ᠨᠢ 1000 ᠲᠦᠮᠡ ᠠᠴᠠ ᠶᠡᠭᠡ ᠪᠠᠶᠢᠪᠠᠯ᠂ ᠲᠤᠰ | ᠪᠦᠷᠢ ᠢᠨᠵᠧᠨᠧᠷᠢᠩ ᠤᠨ ᠦᠨ᠎ᠡ ᠶᠢᠨ 1% ᠪᠠᠷ ᠲᠤᠰᠢᠶᠠᠨ᠎ᠠ᠃ ᠬᠤᠲᠠ ᠬᠦᠳᠡᠭᠡ ᠶᠢᠨ ᠪᠥᠲᠦᠭᠡᠨ | ᠪᠠᠶᠢᠭᠤᠯᠤᠯᠲᠠ ᠶᠢᠨ ᠰᠠᠯᠠᠭ᠎ᠠ ᠮᠦᠴᠢᠷ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ | ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠪᠠᠷᠢᠯᠭ᠎ᠠ ᠪᠠᠷᠢᠬᠤ ᠵᠦᠪᠰᠢᠶᠡᠷᠡᠯ ᠤᠨ ᠡᠷᠬᠡ ᠣᠯᠭᠤᠬᠤ ᠠᠴᠠ ᠡᠮᠦᠨᠡᠬᠢ | ᠶᠠᠪᠤᠴᠠ ᠪᠣᠯᠭᠠᠵᠤ᠂ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠲᠤᠭ᠎ᠠ ᠶᠤᠰᠤᠭᠠᠷ ᠬᠤᠷᠢᠶᠠᠵᠤ᠂ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠲᠤᠰᠢᠶᠠᠭᠰᠠᠨ ᠨᠠᠷᠢᠨ ᠳᠠᠩᠰᠠ ᠪᠠᠶᠢᠭᠤᠯᠬᠤ ᠶᠢᠨ | ᠬᠠᠮᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ | ᠪᠠᠶᠢᠭ᠎ᠠ ᠪᠠᠶᠢᠳᠠᠯ ᠢ ᠤᠯᠠᠷᠢᠯ ᠢᠶᠠᠷ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠦᠴᠢᠷ ᠲᠤ ᠮᠡᠳᠡᠭᠦᠯᠦᠨ᠎ᠡ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠲᠣᠭᠲᠠᠭᠠᠯ ᠶᠣᠰᠤᠭᠠᠷ ᠲᠤᠰᠢᠶᠠᠭᠰᠠᠨ ᠦᠭᠡᠢ ᠪᠦᠲᠦᠭᠡᠨ | ᠪᠠᠶᠢᠭᠤᠯᠤᠯᠲᠠ ᠶᠢᠨ ᠲᠥᠷᠦᠯ ᠵᠦᠢᠯ ᠳᠤ ᠢᠨᠵᠧᠨᠧᠷᠢᠩ ᠤᠨ ᠲᠥᠷᠦᠯ ᠵᠦᠢᠯ ᠤᠨ ᠪᠠᠷᠢᠯᠭ᠎ᠠ ᠪᠠᠷᠢᠬᠤ ᠵᠦᠪᠰᠢᠶᠡᠷᠡᠯ | ᠣᠯᠭᠤᠬᠤ ᠦᠭᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭᠠᠨ ᠤ | ᠮᠥᠩᠭᠦ ᠶᠢ ᠬᠡᠷᠡᠭᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠴᠢᠬᠤᠯᠠ ᠲᠠᠢ | ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠳᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠬᠡᠷᠡᠭᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢ ᠥᠭᠭᠦᠭᠰᠡᠨ ᠤ ᠲᠠᠷᠠᠭᠠᠬᠢ 20 ᠡᠳᠤᠷ ᠤᠨ ᠲᠣᠲᠤᠷ᠎ᠠ᠂ ᠪᠥᠲᠦᠭᠡᠨ ᠪᠠᠶᠢᠭᠤᠯᠤᠯᠲᠠ ᠶᠢᠨ ᠨᠢᠭᠡᠴᠡ | ᠪᠠ ᠪᠠᠷᠢᠯᠭ᠎ᠠ ᠪᠠᠷᠢᠬᠤ ᠠᠵᠤ ᠠᠬᠤᠶᠢᠯᠠᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ | ᠪᠠᠲᠤᠯᠠᠭ᠎ᠠ ᠶᠢᠨ ᠮᠥᠩᠭᠦ ᠶᠢ ᠲᠤᠭ᠎ᠠ ᠶᠣᠰᠤᠭᠠᠷ ᠨᠥᠬᠦᠵᠤ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ ᠲᠤᠰᠬᠠᠢ | ᠺᠠᠷᠲ ᠲᠤᠳᠤᠷ᠎ᠠ ᠬᠠᠳᠠᠭᠠᠯᠠᠵᠤ ᠲᠠᠯᠪᠢᠬᠤ ᠬᠡᠷᠡᠭᠲᠠᠢ᠃ ᠬᠠᠳᠠᠭᠠᠯᠠᠬᠤ ᠵᠣᠬᠢᠰᠲᠠᠢ ᠪᠠᠲᠤᠯᠠᠭ᠎ᠠ ᠶᠢᠨ ᠮᠥᠩᠭᠦ ᠶᠢ | ᠬᠠᠳᠠᠭᠠᠯᠠᠭᠰᠠᠨ ᠦᠭᠡᠢ ᠳᠤ ᠬᠦᠷᠪᠡᠯ᠂ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ | ᠪᠠ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠠᠵᠢᠯ | ᠵᠣᠭᠰᠤᠭᠠᠨ᠎ᠠ᠃ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠤ | ᠳᠠᠷᠠᠭ᠎ᠠ᠂ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠶᠢ ᠭᠤᠶᠤᠴᠢᠯᠠᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠰᠠᠯᠠᠭ᠎ᠠ ᠮᠦᠴᠢᠷ ᠠᠴᠠ ᠪᠠᠷᠢᠯᠭ᠎ᠠ ᠶᠢᠨ ᠠᠬᠤᠢ ᠲᠠᠯᠠᠪᠠᠢ ᠳᠤ ᠵᠠᠷ ᠨᠠᠭᠠᠬᠤ ᠶᠢᠨ ᠬᠠᠮᠲᠤ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠷᠢᠲᠦᠭᠰᠡᠨ ᠦᠭᠡᠢ ᠪᠠᠶᠢᠬᠤ ᠶᠢ ᠬᠢᠨᠠᠨ ᠬᠠᠷᠭᠤᠭᠤᠯᠵᠤ | ᠪᠠᠷᠠᠭᠰᠠᠨ ᠤ ᠳᠠᠷᠠᠭ᠎ᠠ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ | ᠮᠥᠩᠭᠦ ᠶᠢ ᠪᠤᠴᠠᠭᠠᠬᠤ ᠭᠠᠷ ᠭᠦᠢᠴᠡᠳᠬᠡᠯ ᠬᠢᠵᠤ ᠪᠣᠯᠤᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠬᠤᠷᠢᠶᠠᠨ ᠠᠪᠤᠭᠰᠠᠨ ᠨᠢᠭᠡᠴᠡ ᠴᠠᠯᠢᠩ ᠣᠯᠭᠤᠮᠵᠢ ᠶᠢᠨ | ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠡᠳ᠋ ᠤᠨ | ᠵᠠᠰᠠᠭ᠂ ᠬᠢᠨᠠᠨ ᠪᠣᠳᠤᠯᠲᠠ ᠶᠢᠨ ᠰᠠᠯᠠᠭ᠎ᠠ ᠮᠦᠴᠢᠷ ᠤᠨ ᠬᠢᠨᠠᠯᠲᠠ ᠶᠢ ᠬᠦᠯᠢᠶᠡᠵᠤ᠂ ᠲᠤᠰᠬᠠᠢ ᠵᠣᠭᠤᠰ ᠢ ᠲᠤᠰᠬᠠᠢ | ᠬᠡᠷᠡᠭᠯᠡᠵᠤ᠂ ᠨᠡᠭᠦᠯᠭᠡᠨ ᠬᠡᠷᠡᠭᠯᠡᠬᠦ ᠶᠢ ᠰᠡᠷᠭᠡᠶᠢᠯᠡᠨ᠎ᠡ᠃ ᠳᠦᠷᠢᠮ ᠠᠴᠠ ᠵᠦᠷᠢᠴᠡᠵᠤ ᠴᠠᠯᠢᠩ ᠣᠯᠭᠤᠮᠵᠢ ᠶᠢᠨ | ᠪᠠᠲᠤᠯᠠᠭ᠎ᠠ ᠶᠢᠨ ᠮᠥᠩᠭᠦ ᠶᠢ ᠬᠡᠷᠡᠭᠯᠡᠭᠡᠳ ᠬᠤᠬᠢᠷᠠᠯ ᠭᠠᠷᠭᠠᠪᠠᠯ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠤᠯᠢ ᠶᠢᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠡᠯ᠎ᠡ ᠱᠠᠲᠤᠨ ᠤ ᠵᠠᠰᠠᠭ ᠤᠨ ᠣᠷᠳᠤᠨ ᠠᠴᠠ ᠪᠠᠴᠢᠮ ᠪᠠᠶᠢᠳᠠᠯ ᠢ | ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠬᠤᠲᠠ ᠶᠢᠨ ᠲᠤᠰ | ᠱᠠᠲᠤᠨ ᠤ ᠬᠢ 1000 ᠲᠦᠮᠡᠨ ᠲᠥᠭᠦᠷᠢᠭ ᠠᠴᠠ ᠳᠡᠭᠡᠭᠰᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠪᠠᠴᠢᠮ | ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠲᠣᠬᠢᠷᠠᠭᠤᠯᠵᠤ ᠡᠯ᠎ᠡ ᠬᠤᠰᠢᠭᠤ ᠰᠢᠶᠠᠨ ᠲᠣᠭᠤᠷᠢᠭ᠂ | ᠨᠡᠭᠡᠭᠡᠯᠲᠡ ᠶᠢᠨ ᠲᠣᠭᠤᠷᠢᠭ ᠪᠠᠶᠢᠳᠠᠯ ᠢᠶᠠᠨ ᠦᠨᠳᠦᠰᠦᠯᠡᠨ 200 —1000 ᠲᠥᠮᠡᠨ ᠲᠥᠭᠦᠷᠢᠭ ᠤᠨ | ᠬᠤᠭᠤᠷᠤᠨᠳᠤ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠲᠣᠬᠢᠷᠠᠭᠤᠯᠬᠤ ᠶᠢᠨ ᠬᠠᠮᠲᠤ ᠵᠢᠯ ᠤᠨ ᠪᠥᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠮᠵᠢᠶ᠎ᠡ ᠪᠠ ᠳᠡᠭᠡᠷ᠎ᠡ ᠵᠢᠯ ᠤᠨ ᠴᠠᠯᠢᠩ ᠣᠯᠭᠤᠮᠵᠢ ᠦᠷᠢᠲᠦᠭᠰᠡᠨ ᠪᠠᠶᠢᠳᠠᠯ | ᠵᠡᠷᠭᠡ ᠡᠯᠧᠮᠧᠨ᠋ᠲ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ | ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠤᠨ᠎ᠡ᠃ ᠣᠷᠤᠯᠠᠨ ᠥᠭᠭᠦᠭᠰᠡᠨ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠣᠯᠭᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ | ᠲᠥᠯᠦᠪᠦᠷᠢ ᠶᠢ《ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠬᠦᠴᠦ ᠶᠠᠪᠤᠭᠴᠢ ᠮᠠᠯᠴᠢᠨ ᠲᠠᠷᠢᠶᠠᠴᠢᠨ | ᠤ ᠴᠠᠯᠢᠩ ᠣᠯᠭᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ》 ᠶᠢ ᠦᠨᠳᠦᠰᠦᠯᠡᠨ ᠨᠡᠬᠡᠮᠵᠢᠯᠡᠨ᠎ᠡ᠃ | ︵ᠠᠷᠪᠠ︶ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠬᠦᠳᠡᠯᠦᠩᠭᠦᠢ ᠪᠠᠷ ᠬᠢᠨᠠᠨ | ᠬᠠᠮᠢᠶᠠᠷᠤᠨ᠎ᠠ᠃ ᠪᠥᠬᠦ ᠬᠤᠲᠠ ᠶᠢᠨ ᠬᠡᠪᠴᠢᠶᠡᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠳᠤ《ᠨᠠᠷᠢᠨ ᠳᠠᠩᠰᠠ ᠶᠢᠨ ᠬᠠᠮᠢᠶᠠᠷᠤᠯᠲᠠ》 ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠢᠨᠵᠧᠨᠧᠷᠢᠩ ᠤᠨ | ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤᠬᠠᠢ ᠶᠢᠨ | ᠭᠠᠵᠠᠷ ᠤᠨ ᠢᠶᠠᠨ ᠲᠣᠲᠤᠭᠠᠳᠤ ᠶᠢᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠨᠠᠷᠢᠨ | ᠳᠠᠩᠰᠠ ᠪᠠᠶᠢᠭᠤᠯᠵᠤ᠂ ᠵᠢᠯ ᠪᠣᠯᠭᠠᠨ ᠤ 5 ᠳ᠋ᠤᠭᠠᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ ᠡᠴᠦᠰ ᠢᠶᠠᠷ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠪᠠ ᠠᠵᠢᠯᠴᠢᠨ ᠤ | ᠵᠦᠪᠯᠡᠯ ᠳᠤ ᠰᠢᠨ᠎ᠡ ᠪᠠᠷ ᠠᠵᠢᠯ ᠡᠬᠢᠯᠡᠭᠰᠡᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ | ᠪᠠᠶᠢᠳᠠᠯ ᠢ ᠮᠡᠳᠡᠭᠦᠯᠵᠤ᠂ ᠣᠯᠠᠨ ᠰᠠᠯᠠᠭ᠎ᠠ ᠮᠦᠴᠢᠷ ᠠᠴᠠ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ | ᠲᠥᠷᠦᠯ ᠵᠦᠢᠯ ᠤᠨ ᠴᠠᠯᠢᠩ ᠣᠯᠭᠤᠮᠵᠢ ᠥᠭᠬᠦ ᠮᠡᠳᠡᠭᠡ ᠵᠠᠩᠬᠢᠴᠢᠯᠠᠭᠰᠠᠨ ᠬᠦᠳᠡᠯᠦᠩᠭᠦᠢ ᠬᠢᠨᠠᠨ ᠬᠠᠮᠢᠶᠠᠷᠤᠯᠲᠠ ᠶᠢ | ᠠᠭᠠᠵᠢᠮ ᠢᠶᠠᠷ ᠪᠡᠶᠡᠯᠡᠭᠦᠯᠦᠨ᠎ᠡ᠃ ᠡᠳᠤᠷ ᠳᠣᠲᠤᠮ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂《ᠬᠡᠨ | ᠭᠤᠣᠯᠯᠠᠨ ᠬᠠᠮᠢᠶᠠᠷᠪᠠᠯ᠂ ᠬᠡᠨ ᠬᠠᠷᠢᠭᠤᠴᠠᠬᠤ》ᠵᠠᠷᠴᠢᠮ ᠶᠤᠰᠤᠭᠠᠷ᠂ ᠢᠨᠵᠧᠨᠧᠷᠢᠩ ᠤᠨ ᠪᠥᠲᠦᠭᠡᠨ | ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠦᠷᠦᠭᠦᠯᠡᠨ᠂ ᠦᠷᠢᠲᠦᠬᠦ ᠶᠢ | ᠵᠠᠰᠠᠵᠤ ᠴᠠᠯᠢᠩ ᠣᠯᠭᠤᠮᠵᠢ ᠥᠭᠬᠦ ᠶᠢ ᠪᠠᠲᠤᠯᠠᠬᠤ ᠪᠦᠷᠢᠯᠳᠦᠭᠦᠨ ᠨᠢᠭᠡᠴᠡ ᠬᠠᠮᠵᠢᠯᠴᠠᠵᠣ᠂ ᠲᠤᠰ ᠭᠠᠵᠠᠷ ᠣᠷᠣᠨ ᠤ | ᠳᠣᠲᠤᠷᠠᠬᠢ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠴᠠᠯᠢᠩ ᠣᠯᠭᠤᠮᠵᠢ ᠥᠭᠴᠦ | ᠪᠠᠶᠢᠭ᠎ᠠ ᠪᠠᠶᠢᠳᠠᠯ ᠢ ᠣᠯᠠᠷᠢᠯ ᠪᠣᠯᠭᠠᠨᠠᠳᠠᠭ ᠲᠠᠭᠠᠨ 1 ᠤᠳᠠᠭ᠎ᠠ ᠬᠤᠯᠪᠤᠭᠠᠯᠠᠨ ᠳᠣᠭᠤᠷᠢᠨ ᠪᠠᠶᠢᠴᠠᠭᠠᠵᠤ᠂ ᠴᠠᠯᠢᠩ | ᠣᠯᠭᠤᠮᠵᠢ ᠦᠷᠢᠲᠦᠭᠰᠡᠨ ᠪᠠᠶᠢᠳᠠᠯ ᠢᠯᠡᠷᠡᠭᠰᠡᠨ ᠪᠠ ᠴᠠᠯᠢᠩ ᠣᠯᠭᠤᠮᠵᠢ ᠦᠷᠢᠲᠦᠬᠦ ᠳᠠᠯᠳᠠ ᠭᠡᠮ ᠣᠷᠤᠰᠢᠵᠤ | ᠪᠠᠶᠢᠬᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠭᠤᠣᠯᠳᠠᠯᠭ᠎ᠠ ᠲᠠᠢ ᠬᠢᠨᠠᠨ ᠡᠵᠡᠮᠳᠡᠵᠤ | ᠂ ᠰᠠᠷ᠎ᠠ ᠪᠦᠷᠢ ᠠᠳᠠᠭ ᠲᠠᠭᠠᠨ 1 ᠤᠳᠠᠭ᠎ᠠ ᠲᠣᠭᠤᠷᠢᠨ ᠪᠠᠶᠢᠴᠠᠭᠠᠨ᠎ᠠ᠃ ᠲᠣᠭᠤᠷᠢᠨ ᠪᠠᠶᠢᠴᠠᠭᠠᠯᠲᠠ ᠳᠣᠮᠳᠠ | ᠢᠯᠡᠷᠡᠭᠦᠯᠦᠭᠰᠡᠨ ᠠᠰᠠᠭᠤᠳᠠᠯ ᠢ ᠦᠪᠡᠷ ᠤᠨ ᠡᠭᠦᠷᠭᠡ ᠲᠤᠰᠢᠶᠠᠯ ᠢᠶᠠᠨ ᠦᠨᠳᠦᠰᠦᠯᠡᠨ ᠬᠠᠣᠯᠢ ᠪᠠᠷ ᠰᠢᠢᠳᠪᠦᠷᠢᠯᠡᠨ᠎ᠡ᠃ | | ᠳᠥᠷᠪᠡ ᠂ ᠢᠳᠡᠬᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ | ︵ᠠᠷᠪᠠᠨ ᠨᠢᠭᠡ︶ ᠴᠠᠯᠢᠩ ᠣᠯᠭᠤᠮᠵᠢ ᠶᠢ ᠦᠷᠢᠲᠦᠬᠦ ᠠᠵᠢᠯᠯᠠᠭ᠎ᠠ ᠶᠢ ᠬᠤᠯᠪᠤᠭᠠᠯᠠᠨ ᠵᠠᠯᠬᠠᠭᠠᠨ | ᠴᠡᠭᠡᠷᠯᠡᠭᠦᠯᠦᠨ᠎ᠡ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ ᠨᠢᠭᠡᠴᠡ ᠳᠤ᠂ | ᠬᠠᠤᠯᠢ ᠠᠴᠠ ᠵᠦᠷᠢᠴᠡᠭᠰᠡᠨ ᠪᠠᠶᠢᠳᠠᠯ ᠢ ᠦᠨᠳᠦᠰᠦᠯᠡᠨ ᠢᠳᠡᠬᠡᠮᠵᠢ ᠶᠢᠨ ᠳᠠᠩᠰᠠ ᠡᠪᠬᠡᠮᠡᠯ ᠪᠠᠶᠢᠭᠤᠯᠵᠤ᠂ | ᠢᠯᠡ ᠪᠠᠷ ᠵᠠᠷᠯᠠᠨ ᠨᠡᠶᠢᠲᠡᠯᠡᠬᠦ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃《ᠬᠠᠰᠤᠵᠤ ᠠᠪᠬᠤ᠂ | ᠰᠢᠯᠲᠠᠭᠠᠨ ᠦᠭᠡᠢ ᠪᠠᠷ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠷᠢᠲᠦᠵᠤ᠂ ᠲᠤᠭ᠎ᠠ | ᠬᠡᠮᠵᠢᠶ᠎ᠡ ᠨᠢ ᠬᠦᠳᠡᠯᠮᠦᠷᠢ ᠶᠢᠨ ᠬᠦᠯᠤᠰᠤ ᠣᠯᠭᠤᠮᠵᠢ ᠶᠢ ᠥᠭᠬᠦ ᠶᠢ ᠲᠡᠪᠴᠢᠭᠰᠡᠨ ᠶᠠᠯ᠎ᠠ ᠶᠢᠨ ᠪᠠᠷᠢᠮᠵᠢᠶ᠎ᠠ ᠳᠤ | ᠬᠦᠷᠦᠭᠰᠡᠨ》ᠪᠠ《ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ ᠠᠴᠠ | ᠣᠯᠠᠨ ᠨᠡᠶᠢᠲᠡ ᠶᠢᠨ ᠴᠢᠨᠠᠷᠲᠠᠢ ᠬᠡᠷᠡᠭ᠂ ᠬᠡᠳᠦᠷᠡᠮᠡᠬᠡᠢ ᠬᠡᠷᠡᠭ ᠭᠠᠷᠴᠤ ᠬᠦᠨᠳᠦ ᠨᠣᠴᠢᠲᠠᠢ ᠨᠡᠶᠢᠭᠡᠮ ᠤᠨ ᠮᠠᠭᠤ | ᠨᠥᠯᠦᠭᠡ ᠡᠭᠦᠰᠬᠡᠭᠰᠡᠨ》ᠬᠥᠮᠦᠨ ᠬᠡᠷᠡᠭᠯᠡᠭᠰᠡᠨ ᠨᠢᠭᠡᠴᠡ ᠶᠢ《ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ | ᠣᠯᠭᠤᠮᠵᠢ ᠶᠢ ᠥᠷᠢᠲᠦᠭᠰᠡᠨ〈ᠬᠠᠷ᠎ᠠ ᠳᠠᠩᠰᠠ〉 ᠶᠢᠨ ᠬᠠᠮᠢᠶᠠᠷᠤᠯᠲᠠ ᠶᠢᠨ ᠲᠤᠬᠠᠢ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠦᠷ ᠴᠠᠭ ᠤᠨ ᠠᠷᠭ᠎ᠠ》︵ᠬᠥᠮᠦᠨ ᠨᠡᠶᠢᠭᠡᠮ | ᠶᠠᠮᠤᠨ〔2017〕16 ᠳ᠋ᠤᠭᠠᠷ ᠲᠣᠭᠠᠲᠤ︶ ᠶᠢ ᠴᠢᠩᠭ᠎ᠠ ᠦᠨᠳᠦᠰᠦᠯᠡᠨ᠂ ᠬᠠᠷᠢᠶᠠᠯᠠᠯ ᠤᠨ ᠡᠷᠬᠡ ᠶᠢᠨ | ᠬᠡᠪᠴᠢᠶ᠎ᠡ ᠶᠢ ᠦᠨᠳᠦᠰᠦᠯᠡᠨ《ᠬᠠᠷ᠎ᠠ ᠳᠠᠩᠰᠠ》 ᠳᠤ ᠣᠷᠤᠭᠤᠯᠵᠤ᠂ ᠬᠦᠳᠡᠯᠮᠦᠷᠢ ᠦᠢᠯᠡᠴᠢᠯᠡᠭᠡ ᠪᠠᠨ ᠬᠠᠤᠯᠢ | ᠪᠤᠰᠤ ᠪᠠᠷ ᠬᠥᠮᠦᠨ ᠬᠡᠷᠡᠭᠯᠡᠬᠦ ᠭᠤᠣᠯ ᠴᠤᠭᠴᠠ ᠶᠢᠨ ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠳᠤ ᠬᠤᠪᠢᠶᠠᠷᠢᠯᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠠᠴᠠ ᠪᠣᠯᠵᠤ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ ᠪᠣᠯ ᠡᠮᠦᠨᠡᠬᠢ ᠬᠤᠶᠠᠷ ᠵᠦᠢᠯ ᠤᠨ ᠪᠠᠶᠢᠳᠠᠯ ᠳᠤ ᠨᠡᠶᠢᠴᠡᠪᠡᠯ᠂ | ᠬᠠᠤᠯᠢ ᠪᠣᠰᠤ ᠪᠠᠷ ᠬᠤᠪᠢᠶᠠᠷᠢᠯᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠨᠢᠭᠡᠴᠡ ᠵᠢᠴᠢ ᠭᠤᠣᠯ ᠴᠤᠭᠴᠠ ᠶᠢᠨ | ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠬᠠᠮᠲᠤ ᠳᠤ ᠨᠢ《ᠬᠠᠷ᠎ᠠ ᠳᠠᠩᠰᠠ》 ᠳᠤ | ᠣᠷᠤᠭᠤᠯᠵᠤ᠂《ᠢᠳᠡᠬᠡᠮᠵᠢᠲᠤ ᠬᠦᠬᠡᠬᠤᠲᠠ》《ᠢᠳᠡᠬᠡᠮᠵᠢᠲᠦ ᠥᠪᠦᠷ ᠮᠣᠩᠭᠤᠯ》《ᠢᠳᠡᠬᠡᠮᠵᠢᠲᠤ ᠳᠣᠮᠳᠠᠳᠤ | ᠤᠯᠤᠰ》ᠰᠦᠯᠵᠢᠶ᠎ᠡ᠂ ᠤᠯᠤᠰ ᠤᠨ ᠠᠵᠤ ᠠᠬᠤᠶᠢᠯᠠᠯ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠰᠢᠰᠲ᠋ᠧᠮ | ᠵᠡᠷᠭᠡ ᠪᠠᠷ ᠳᠠᠮᠵᠢᠭᠤᠯᠤᠨ ᠨᠡᠶᠢᠲᠡ ᠳᠤ ᠵᠠᠷᠯᠠᠨ᠎ᠠ᠃ ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠨ | ᠬᠢᠨ《ᠬᠥᠬᠡᠬᠤᠲᠠ ᠶᠢᠨ ᠢᠳᠡᠬᠡᠮᠵᠢ ᠠᠯᠳᠠᠭᠰᠠᠨ ᠠᠵᠤ ᠠᠬᠤᠶᠢᠯᠠᠯ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠬᠠᠮᠢᠶᠠᠷᠤᠯᠲᠠ ᠶᠢᠨ ᠠᠷᠭ᠎ᠠ》《ᠬᠦᠬᠡᠬᠤᠲᠠ ᠶᠢᠨ〔ᠤᠯᠠᠭᠠᠨ ᠬᠠᠷ᠎ᠠ ᠰᠠᠮᠪᠠᠷ᠎ᠠ〕 ᠳᠤ ᠨᠡᠶᠢᠲᠡᠯᠡᠬᠦ | ᠳᠥᠷᠢᠮ》ᠵᠡᠷᠭᠡ ᠦᠨᠡᠨᠴᠢ ᠢᠳᠡᠬᠡᠮᠵᠢ ᠶᠢᠨ ᠬᠠᠮᠢᠶᠠᠷᠤᠯᠲᠠ ᠶᠢᠨ ᠳᠦᠷᠢᠮ ᠢ ᠳᠡᠭᠦᠯᠳᠡᠷᠵᠢᠭᠦᠯᠦᠨ ᠬᠡᠷᠡᠭᠵᠢᠭᠦᠯᠵᠤ᠂ | ᠴᠠᠯᠢᠩ ᠣᠯᠭᠤᠮᠵᠢ ᠦᠷᠢᠲᠦᠵᠤ ᠤᠳᠠᠭᠠᠰᠢᠷᠠᠭᠤᠯᠤᠭᠰᠠᠨ《ᠬᠠᠷ᠎ᠠ ᠳᠠᠩᠰᠠ》 ᠶᠢ ᠮᠠᠨ ᠤ ᠬᠤᠲᠠ᠂ ᠥᠪᠡᠷᠲᠡᠭᠡᠨ | ᠵᠠᠰᠠᠬᠤ ᠣᠷᠣᠨ ᠪᠠ ᠪᠥᠬᠦ ᠤᠯᠤᠰ ᠤᠨ ᠢᠳᠡᠬᠡᠮᠵᠢ ᠶᠢᠨ ᠮᠡᠳᠡᠭᠡ ᠵᠠᠩᠬᠢ ᠶᠢ ᠬᠠᠮᠳᠣᠪᠡᠷ ᠬᠤᠪᠢᠶᠠᠯᠴᠠᠬᠤ | ᠲᠠᠪᠴᠠᠩ ᠳᠤ ᠣᠷᠤᠭᠤᠯᠤᠨ᠎ᠠ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ《ᠢᠳᠡᠬᠡᠯ ᠢᠶᠠᠨ ᠠᠯᠳᠠᠭᠰᠠᠨ ᠠᠵᠤ | ᠠᠬᠤᠶᠢᠯᠠᠯ ᠤᠨ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠬᠠᠮᠲᠤᠷᠠᠯᠴᠠᠭᠠᠨ ᠤ | ᠰᠠᠨᠠᠭᠤᠯᠤᠮᠵᠢ》︵ᠥᠪᠦᠷ ᠬᠥᠭᠵᠢᠭᠦᠯᠦᠯᠲᠡ ᠦᠭᠡᠷᠡᠴᠢᠯᠡᠯᠲᠡ ᠡᠳ᠋ ᠤᠨ ᠵᠠᠰᠠᠭ ᠮᠥᠩᠭᠦᠨ | ᠭᠦᠢᠯᠭᠡᠭᠡ〔2015〕126 ᠳ᠋ᠤᠭᠠᠷ ᠲᠣᠭᠠᠲᠤ︶ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠥᠪᠡᠷᠰᠡᠳ ᠤᠨ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠤᠷ᠎ᠠ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠳᠡᠮᠵᠢᠯᠭᠡ᠂ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ᠂ | ᠦᠢᠯᠡᠳᠪᠦᠷᠢᠯᠡᠬᠦ ᠵᠦᠪᠰᠢᠶᠡᠷᠡᠯ᠂ ᠬᠢᠷᠢ ᠬᠡᠮ ᠢ ᠬᠢᠨᠠᠨ ᠬᠠᠷᠭᠤᠭᠤᠯᠬᠤ᠂ ᠪᠡᠯᠡ ᠴᠤᠭᠯᠠᠭᠤᠯᠬᠤ ᠵᠢᠭᠡᠯᠡᠯᠭᠡ᠂ ᠵᠠᠬ᠎ᠠ | ᠳᠡᠯᠭᠡᠭᠦᠷ ᠲᠤ ᠣᠷᠤᠬᠤ ᠶᠢ ᠵᠦᠪᠰᠢᠶᠡᠷᠡᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠰᠢᠯᠢᠳᠡᠭ ᠢ ᠰᠢᠯᠭᠠᠷᠠᠭᠤᠯᠬᠤ | ᠲᠡᠷᠢᠭᠦᠨ ᠤ ᠨᠢᠭᠡᠴᠡ ᠶᠢ ᠰᠤᠩᠭᠤᠬᠤ ᠵᠡᠷᠭᠡ ᠲᠠᠯ᠎ᠠ ᠪᠠᠷ ᠬᠢᠵᠠᠭᠠᠷᠯᠠᠯ ᠦᠵᠡᠭᠦᠯᠦᠨ᠎ᠡ᠃ ᠴᠠᠯᠢᠩ ᠣᠯᠭᠤᠮᠵᠢ | ᠥᠷᠢᠲᠦᠭᠰᠡᠨ ᠨᠢᠭᠡᠴᠡ ᠶᠢᠨ ᠬᠠᠤᠯᠢ ᠶᠢᠨ ᠡᠷᠬᠡᠲᠡᠨ᠂ ᠨᠢᠭᠡᠴᠡ ᠶᠢᠨ ᠬᠠᠷᠢᠭᠤᠴᠠᠯᠭᠠᠲᠠᠨ ᠪᠠ ᠰᠢᠭᠤᠳ | ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠬᠦᠮᠦᠨ ᠳᠤ ᠬᠢᠯᠢ ᠠᠴᠠ ᠭᠠᠷᠬᠤ ᠶᠢ ᠬᠢᠵᠠᠭᠠᠷᠯᠠᠬᠤ ᠪᠠ ᠨᠢᠰᠭᠡᠯ ᠳᠤ | ᠰᠠᠭᠤᠬᠤ ᠶᠢ ᠬᠢᠵᠠᠭᠠᠷᠯᠠᠬᠤ᠂ ᠭᠠᠯᠲᠤ ᠲᠡᠷᠭᠡᠨ ᠤ ᠵᠦᠭᠡᠯᠡᠨ ᠬᠠᠲᠠᠭᠤ ᠣᠷᠤ ᠳᠤ ᠰᠠᠭᠤᠬᠤ ᠶᠢ ᠬᠢᠵᠠᠭᠠᠷᠯᠠᠬᠤ᠂ | ᠣᠳᠤᠨ ᠳᠡᠰ ᠠᠴᠠ ᠳᠡᠭᠡᠭᠰᠢᠬᠢ ᠪᠠᠭᠤᠳᠠᠯ ᠳᠤ ᠬᠤᠨᠤᠭᠯᠠᠬᠤ ᠵᠢᠴᠢ ᠪᠤᠰᠤᠳ ᠲᠥᠷᠦᠯ ᠤᠨ ᠬᠡᠳᠤ ᠬᠡᠷᠡᠭᠯᠡᠭᠡᠨ ᠤ | ᠠᠵᠢᠯᠯᠠᠭ᠎ᠠ ᠶᠢ ᠬᠤᠷᠢᠭᠯᠠᠬᠤ ᠠᠷᠭ᠎ᠠ ᠠᠪᠴᠤ᠂ ᠢᠳᠡᠬᠡᠯ ᠢᠶᠠᠨ ᠠᠯᠳᠠᠭᠰᠠᠨ ᠭᠤᠣᠯ ᠴᠣᠭᠴᠠ ᠶᠢ《ᠨᠢᠭᠡ ᠭᠠᠵᠠᠷ | ᠬᠠᠤᠯᠢ ᠠᠴᠠ ᠵᠦᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ》ᠪᠤᠯᠭᠠᠨ᠎ᠠ᠃ | ᠲᠠᠪᠤ᠂ ᠭᠡᠨᠡᠳᠲᠡ ᠶᠢᠨ ᠴᠢᠨᠠᠷᠲᠠᠢ ᠬᠡᠷᠡᠭ ᠢ ᠪᠠᠴᠢᠮ ᠠᠷᠭᠠᠴᠠᠬᠤ ᠲᠤᠭᠲᠠᠴᠠ ᠶᠢ ᠲᠡᠭᠦᠯᠳᠡᠷᠵᠢᠭᠦᠯᠦᠨ᠎ᠡ | ︵ᠠᠷᠪᠠᠨ ᠬᠤᠶᠠᠷ︶ ᠭᠡᠨᠡᠳᠲᠡ ᠶᠢᠨ ᠴᠢᠨᠠᠷᠲᠠᠢ ᠬᠡᠷᠡᠭ ᠢ ᠪᠠᠴᠢᠮ ᠠᠷᠭᠠᠴᠠᠬᠤ ᠬᠦᠴᠦᠯᠡᠴᠡ ᠪᠠᠨ | ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠴᠢᠨᠠᠷᠲᠠᠢ ᠬᠡᠷᠡᠭ᠂ ᠬᠡᠲᠦᠷᠡᠮᠡᠬᠡᠢ ᠬᠡᠷᠡᠭ ᠡᠭᠦᠰᠪᠡᠯ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠬᠡᠷᠡᠭᠵᠢᠭᠦᠯᠵᠤ᠂ ᠲᠡᠷᠡ ᠳᠠᠷᠤᠢ ᠳᠤ ᠨᠢ ᠰᠢᠢᠳᠪᠦᠷᠢᠯᠡᠬᠦ ᠬᠡᠷᠡᠭᠲᠠᠢ᠃ ᠴᠠᠯᠢᠩ ᠣᠯᠭᠤᠮᠵᠢ | ᠥᠷᠢᠲᠦᠭᠰᠡᠨ ᠵᠠᠰᠠᠭ ᠤᠨ ᠣᠷᠳᠤᠨ ᠲᠣᠯᠤᠭᠠᠶᠢᠯᠠᠨ᠂ ᠳᠠᠷᠤᠢ ᠲᠦᠷᠭᠡᠨ ᠬᠠᠮᠢᠶ᠎ᠠ ᠪᠦᠬᠦᠢ ᠬᠠᠷᠢᠭᠤᠴᠠᠯᠭᠠᠲᠠᠨ | ᠲᠣᠮᠢᠯᠠᠵᠤ ᠠᠵᠢᠯᠯᠠᠬᠤ ᠳᠤᠭᠤᠶᠢᠯᠠᠩ ᠢ ᠲᠠᠭᠠᠭᠤᠯᠵᠤ ᠠᠬᠤᠢ ᠲᠠᠯᠠᠪᠠᠢ ᠳᠤ ᠬᠦᠷᠴᠤ᠂ ᠵᠢᠭᠠᠨ ᠵᠢᠯᠤᠭᠤᠳᠬᠤ᠂ | ᠡᠶᠡᠳᠡᠭᠦᠯᠬᠦ᠂ ᠲᠣᠰᠬᠤ ᠪᠤᠴᠠᠬᠤ ᠠᠵᠢᠯ ᠢ ᠦᠷᠨᠢᠭᠦᠯᠵᠤ᠂ ᠬᠡᠷᠡᠭ ᠤᠴᠢᠷ ᠤᠨ ᠦᠷᠭᠡᠳᠬᠦ ᠶᠢ ᠰᠡᠷᠭᠡᠶᠢᠯᠡᠬᠦ ᠬᠡᠷᠡᠭᠲᠠᠢ᠃ | ᠵᠠᠬᠢᠲᠠᠯ ᠰᠣᠷᠪᠤᠯᠵᠢᠯᠠᠭ᠎ᠠ᠂ ᠲᠤᠭᠲᠠᠭᠤᠨ ᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠳᠤᠲᠤᠭᠠᠳᠤ ᠶᠢ ᠬᠠᠮᠠᠭᠠᠯᠠᠬᠤ᠂ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ | ᠠᠵᠢᠯ ᠲᠥᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠠᠵᠢᠯᠴᠢᠨ ᠤ ᠡᠪᠯᠡᠯ ᠵᠡᠷᠭᠡ ᠬᠠᠮᠢᠶ᠎ᠠ ᠪᠦᠬᠦᠢ | ᠰᠠᠯᠠᠭ᠎ᠠ ᠮᠦᠴᠢᠷ ᠪᠠ ᠨᠢᠭᠡᠴᠡ ᠰᠢᠢᠳᠪᠦᠷᠢᠯᠡᠬᠦ ᠳᠤ ᠣᠷᠤᠯᠴᠠᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠬᠠᠤᠯᠢ ᠶᠤᠰᠤᠭᠠᠷ ᠵᠥᠪ ᠵᠣᠬᠢᠰᠲᠠᠢ ᠪᠠᠷ ᠡᠷᠬᠡ ᠠᠰᠢᠭ ᠢᠶᠠᠨ ᠬᠠᠮᠠᠭᠠᠯᠠᠬᠤ ᠶᠢ ᠢᠳᠡᠪᠬᠢᠲᠠᠢ ᠬᠥᠲᠦᠯᠦᠨ | ᠵᠢᠯᠤᠭᠤᠳᠴᠤ᠂ ᠵᠠᠮ ᠢ ᠪᠥᠭᠯᠡᠬᠦ᠂ ᠵᠠᠮ ᠬᠠᠷᠢᠯᠴᠠᠭ᠎ᠠ ᠶᠢ ᠬᠠᠷᠰᠢᠯᠠᠬᠤ᠂ ᠣᠷᠤᠵᠤ ᠭᠠᠷᠬᠤ ᠵᠠᠮ ᠢ ᠬᠠᠷᠰᠢᠯᠠᠬᠤ ᠪᠤᠶᠤ | ᠤᠰᠤ ᠴᠠᠬᠢᠯᠭᠠᠨ ᠢ ᠲᠠᠰᠤᠯᠬᠤ᠂ ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠠᠢ ᠪᠤᠶᠤ ᠠᠵᠢᠯᠯᠠᠬᠤ ᠭᠠᠵᠠᠷ ᠢ ᠳᠠᠭᠠᠷᠢᠨ | ᠴᠣᠬᠢᠬᠤ ᠵᠡᠷᠭᠡ ᠬᠠᠤᠯᠢ ᠪᠤᠰᠤ ᠠᠷᠭ᠎ᠠ ᠪᠠᠷ ᠴᠠᠯᠢᠩ ᠣᠯᠭᠤᠮᠵᠢ ᠨᠡᠬᠡᠬᠦ ᠪᠤᠶᠤ ᠴᠠᠯᠢᠩ ᠣᠯᠭᠤᠮᠵᠢ ᠶᠢ ᠬᠤᠳᠠᠯ ᠢᠶᠠᠷ | ᠮᠡᠳᠡᠭᠦᠯᠵᠤ ᠣᠷᠤᠯᠠᠨ ᠠᠪᠬᠤ᠂ ᠴᠠᠯᠢᠩ ᠣᠯᠭᠤᠮᠵᠢ ᠨᠡᠬᠡᠬᠦ ᠨᠡᠷ᠎ᠡ ᠪᠠᠷ ᠢᠨᠵᠧᠨᠧᠷᠢᠩ ᠤᠨ ᠵᠤᠭᠤᠰ ᠠᠪᠬᠤ ᠵᠡᠷᠭᠡ | ᠨᠡᠶᠢᠭᠡᠮ ᠤᠨ ᠬᠡᠪ ᠤᠨ ᠡᠮᠬᠢ ᠲᠢᠭᠯᠢᠮ ᠢ ᠡᠪᠳᠡᠭᠰᠡᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠦᠷᠢᠴᠡᠭᠰᠡᠨ ᠦᠢᠯᠡ | ᠠᠵᠢᠯᠯᠠᠭ᠎ᠠ ᠳᠤ ᠲᠤᠭᠠᠴᠠᠭᠳᠠᠪᠠᠯ᠂ ᠬᠠᠤᠯᠢ ᠶᠤᠰᠤᠭᠠᠷ ᠠᠮᠤᠷ ᠢ ᠬᠠᠮᠠᠭᠠᠯᠠᠬᠤ ᠰᠢᠢᠳᠬᠡᠯ ᠥᠭᠭᠦᠨ᠎ᠡ︔ ᠶᠠᠯ᠎ᠠ | ᠬᠢᠭᠰᠡᠨ ᠳᠤ ᠲᠤᠭᠠᠴᠠᠭᠳᠠᠪᠠᠯ᠂ ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠠᠷᠤᠢ ᠲᠦᠷᠭᠡᠨ ᠡᠵᠡᠮᠳᠡᠵᠤ᠂ ᠡᠯ᠎ᠡ ᠲᠥᠷᠦᠯ ᠤᠨ ᠰᠣᠨᠢᠨ ᠮᠡᠳᠡᠭᠡ | ᠵᠠᠭᠤᠴᠢᠯᠠᠭᠤᠷ ᠤᠨᠴᠠᠭᠠᠶᠢᠯᠠᠨ ᠢᠨᠲ᠋ᠧᠷ ᠰᠦᠯᠵᠢᠶ᠎ᠡ ᠳᠡᠭᠡᠷ᠎ᠡ ᠲᠤᠰᠬᠠᠭᠰᠠᠨ ᠴᠠᠯᠢᠩ ᠣᠯᠭᠤᠮᠵᠢ ᠦᠷᠢᠲᠦᠭᠰᠡᠨ | ᠠᠰᠠᠭᠤᠳᠠᠯ ᠢ ᠴᠠᠭ ᠲᠤᠬᠠᠢ ᠳᠤ ᠨᠢ ᠬᠠᠷᠢᠶ᠎ᠠ ᠭᠠᠵᠠᠷ ᠢ ᠰᠢᠮᠳᠠᠭᠤᠯᠤᠨ ᠬᠢᠨᠠᠨ ᠬᠠᠷᠭᠤᠭᠤᠯᠤᠨ ᠰᠢᠢᠳᠪᠦᠷᠢᠯᠡᠵᠦ᠂ | ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠬᠤᠯᠪᠤᠭᠳᠠᠯ ᠪᠦᠬᠦᠢ ᠪᠠᠶᠢᠳᠠᠯ ᠢ ᠮᠡᠳᠡᠭᠳᠡᠵᠤ᠂ ᠶᠠᠷᠢᠶ᠎ᠠ ᠬᠡᠯᠡᠯᠴᠡᠭᠡᠨ ᠤ | ᠰᠠᠨᠠᠭᠠᠴᠢᠯᠠᠭᠠᠲᠤ ᠡᠷᠬᠡ ᠶᠢ ᠠᠳᠬᠤᠨ᠎ᠠ᠃ ᠮᠠᠭᠤ ᠰᠠᠨᠠᠭ᠎ᠠ ᠪᠠᠷ ᠤᠬᠠᠭᠠᠯᠠᠨ ᠳᠦᠷᠭᠢᠭᠦᠯᠦᠭᠡᠳ ᠮᠠᠭᠤ ᠨᠥᠯᠦᠭᠡ | ᠦᠵᠡᠭᠦᠯᠦᠭᠰᠡᠨ ᠪᠠᠶᠢᠳᠠᠯ ᠳᠤ᠂ ᠰᠤᠨᠢᠨ ᠮᠡᠳᠡᠭᠡᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠲᠣᠲᠤᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠬᠠᠤᠯᠢ ᠶᠤᠰᠤᠭᠠᠷ ᠪᠠᠶᠢᠴᠠᠭᠠᠬᠤ ᠰᠠᠨᠠᠯ ᠳᠡᠪᠰᠢᠭᠦᠯᠦᠨ᠎ᠡ᠃ | ᠵᠢᠷᠭᠤᠭ᠎ᠠ᠂ ᠬᠤᠯᠪᠤᠭᠠᠯᠠᠨ ᠡᠷᠬᠡ ᠠᠰᠢᠭ ᠢᠶᠠᠨ ᠬᠠᠮᠠᠭᠠᠯᠠᠬᠤ ᠲᠤᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ | ︵ᠠᠷᠪᠠᠨ ᠭᠤᠷᠪᠠ︶ ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠠᠢ ᠶᠢᠨ ᠡᠷᠬᠡ ᠠᠰᠢᠭ ᠢ ᠬᠠᠮᠠᠭᠠᠯᠠᠬᠤ ᠮᠡᠳᠡᠭᠡ | ᠵᠠᠩᠬᠢ ᠶᠢ ᠨᠡᠶᠢᠲᠡ ᠳᠤ ᠵᠠᠷᠯᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠪᠠᠷᠢᠵᠤ ᠪᠠᠶᠢᠭ᠎ᠠ ᠠᠵᠤ | ᠠᠬᠤᠶᠢᠯᠠᠯ ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠠᠢ ᠶᠢᠨ ᠨᠡᠶᠢᠲᠡ ᠳᠤ ᠵᠠᠷᠯᠠᠬᠤ ᠵᠡᠷᠭᠡ ᠬᠠᠮᠢᠶᠠᠷᠤᠯᠲᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ᠲᠥᠷᠦᠯ ᠵᠦᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠪᠥᠲᠦᠭᠡᠨ | ᠪᠠᠶᠢᠭᠤᠯᠤᠯᠲᠠ ᠶᠢᠨ ᠨᠢᠭᠡᠴᠡ᠂ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠵᠢᠴᠢ | ᠲᠥᠷᠥᠯ ᠵᠦᠢᠯ ᠤᠨ ᠬᠡᠯᠲᠡᠰ ᠤᠨ ᠪᠠᠶᠢᠭ᠎ᠠ ᠭᠠᠵᠠᠷ᠂ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ᠂ ᠠᠵᠢᠯ | ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠬᠦᠳᠡᠯᠮᠦᠷᠢ ᠬᠥᠷᠦᠩᠭᠡ ᠶᠢᠨ ᠲᠣᠰᠬᠠᠢ ᠬᠠᠮᠢᠶᠠᠷᠤᠭᠴᠢ | ᠵᠡᠷᠭᠡ ᠦᠨᠳᠦᠰᠦᠨ ᠮᠡᠳᠡᠭᠡ ᠵᠠᠩᠬᠢ ᠶᠢ ᠨᠡᠶᠢᠲᠡ ᠳᠤ ᠵᠠᠷᠯᠠᠵᠤ᠂ ᠠᠵᠢᠯᠲᠠᠨ ᠠᠵᠢᠯᠴᠢᠨ ︵ᠬᠦᠳᠡᠯᠮᠦᠷᠢ | ᠦᠢᠯᠡᠴᠢᠯᠡᠭᠡᠨ ᠤ ᠠᠵᠢᠯᠴᠢᠨ︶ ᠤ ᠨᠡᠷᠡᠰ ᠤᠨ ᠬᠠᠭᠤᠳᠠᠰᠤ ᠶᠢ ᠨᠡᠶᠢᠲᠡ ᠳᠤ ᠵᠠᠷᠯᠠᠬᠤ ᠶᠢᠨ ᠬᠠᠮᠲᠤ ᠠᠵᠢᠯᠲᠠᠨ | ᠠᠵᠢᠯᠴᠢᠨ ᠪᠣᠶᠤ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠤ ᠲᠤᠰ ᠪᠡᠶ᠎ᠡ ᠪᠠᠷ ᠭᠠᠷ ᠤᠨ ᠦᠰᠦᠭ ᠵᠢᠷᠤᠭᠤᠯᠵᠤ | ᠨᠣᠲᠠᠯᠠᠭᠤᠯᠤᠨ᠎ᠠ᠂ ᠬᠠᠷᠢᠶ᠎ᠠ ᠭᠠᠵᠠᠷ ᠤᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠢᠯᠡᠴᠢᠯᠡᠨ ᠵᠠᠭᠠᠯᠳᠤᠬᠤ ᠤᠲᠠᠰᠤ ᠪᠠ ᠬᠥᠳᠡᠯᠮᠦᠷᠢ ᠬᠦᠴᠦᠨ ᠤ ᠮᠠᠷᠭᠤᠯᠳᠤᠭᠠᠨ ᠢ ᠡᠶᠡᠳᠡᠭᠦᠯᠬᠦ ᠪᠠ ᠬᠦᠨᠳᠡᠯᠡᠨ ᠠᠴᠠ | ᠲᠠᠰᠤᠯᠬᠤ᠂ ᠬᠦᠳᠡᠯᠮᠦᠷᠢ ᠶᠢᠨ ᠪᠠᠲᠤᠯᠠᠭ᠎ᠠ ᠶᠢᠨ ᠪᠠᠶᠢᠴᠠᠭᠠᠯᠲᠠ᠂ ᠳᠣᠲᠤᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ᠂ ᠠᠷᠠᠳ ᠤᠨ ᠰᠢᠭᠦᠬᠦ ᠬᠤᠷᠢᠶ᠎ᠠ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠬᠠᠤᠯᠢ | ᠴᠠᠭᠠᠵᠠ ᠶᠢᠨ ᠲᠤᠰᠠᠯᠠᠮᠵᠢ᠂ ᠰᠠᠬᠢᠯᠭ᠎ᠠ ᠪᠠᠲᠤ ᠪᠠᠶᠢᠴᠠᠭᠠᠬᠤ ᠪᠠᠶᠢᠴᠠᠭᠠᠯᠲᠠ ᠵᠡᠷᠭᠡ ᠢᠯᠡᠴᠢᠯᠡᠨ ᠮᠡᠳᠡᠭᠦᠯᠬᠦ᠂ | ᠵᠠᠭᠠᠯᠳᠤᠬᠤ᠂ ᠭᠤᠶᠤᠴᠢᠯᠠᠬᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠤᠲᠠᠰᠤ ᠵᠡᠷᠭᠡ ᠮᠡᠳᠡᠭᠡ ᠵᠠᠩᠬᠢ ᠶᠢ | ᠢᠯᠡ ᠪᠠᠷ ᠨᠡᠶᠢᠲᠡᠯᠡᠵᠤ᠂ ᠨᠡᠶᠢᠲᠡ ᠳᠤ ᠵᠠᠷᠯᠠᠭᠰᠠᠨ ᠮᠡᠳᠡᠭᠡ ᠵᠠᠩᠬᠢ ᠶᠢᠨ ᠪᠦᠷᠢᠨ ᠪᠥᠷᠬᠦᠭᠦᠯᠬᠦ ᠶᠢ ᠦᠨᠡᠨᠬᠦ | ᠪᠠᠲᠤᠯᠠᠨ᠎ᠠ᠃ ᠦᠨᠡᠨ ᠪᠤᠳᠠᠲᠠᠢ ᠪᠠᠷ ᠨᠡᠶᠢᠲᠡ ᠳᠤ ᠵᠠᠷᠯᠠᠭᠰᠠᠨ ᠦᠭᠡᠢ ᠪᠣᠯ᠂ ᠠᠵᠢᠯ ᠲᠥᠷᠦᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠶᠣᠰᠤᠭᠠᠷ ᠵᠠᠯᠠᠷᠠᠭᠤᠯᠤᠨ᠎ᠠ᠃ | ︵ᠠᠷᠪᠠᠨ ᠳᠥᠷᠪᠡ︶ ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠠ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ | ᠥᠷᠢᠲᠦᠬᠦ ᠶᠢ ᠢᠯᠡᠴᠢᠯᠡᠨ ᠵᠠᠭᠠᠯᠳᠤᠬᠤ ᠠᠷᠭ᠎ᠠ ᠵᠠᠮ ᠢ ᠣᠯᠠᠮ ᠨᠢᠭᠡ ᠠᠯᠬᠤᠮ ᠨᠡᠪᠲᠡᠷᠡᠭᠦᠯᠵᠤ᠂ ᠬᠦᠳᠡᠯᠮᠦᠷᠢ ᠶᠢᠨ | ᠪᠠᠲᠤᠯᠠᠭ᠎ᠠ ᠶᠢᠨ ᠪᠠᠶᠢᠴᠠᠭᠠᠯᠲᠠ ᠶᠢᠨ ᠢᠯᠡᠴᠢᠯᠡᠨ ᠵᠠᠭᠠᠯᠳᠤᠭᠰᠠᠨ ᠬᠡᠷᠡᠭ ᠢ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠡᠳᠤᠷ ᠳᠣᠲᠤᠮ ᠤᠨ ᠲᠣᠭᠤᠷᠢᠨ ᠪᠠᠶᠢᠴᠭᠠᠬᠤ ᠪᠠᠶᠢᠴᠠᠭᠠᠯᠲᠠ ᠶᠢ ᠴᠢᠩᠭᠠᠳᠬᠠᠬᠤ ᠪᠠᠷ | ᠳᠠᠮᠵᠢᠨ ᠬᠦᠮᠦᠨ ᠬᠡᠷᠡᠭᠯᠡᠬᠦ ᠨᠢᠭᠡᠴᠡ ᠶᠢ ᠰᠢᠮᠳᠠᠭᠤᠯᠤᠨ ᠰᠠᠷ᠎ᠠ ᠪᠦᠷᠢ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠣᠯᠭᠤᠮᠵᠢ ᠶᠢ ᠥᠭᠭᠦᠨ᠎ᠡ᠃ ᠬᠤᠲᠠ ᠶᠢᠨ ᠵᠠᠰᠠᠭ ᠤᠨ ᠣᠷᠳᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠥᠷᠢ ᠰᠢᠷᠢ ᠶᠢ ᠲᠢᠭᠯᠡᠬᠦ ᠪᠠᠶᠢᠭᠤᠯᠭ᠎ᠠ ᠲᠠᠢ ᠬᠤᠯᠪᠤᠭᠠᠯᠠᠨ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠵᠤ᠂ ᠵᠢᠯ | ᠪᠣᠯᠭᠠᠨ ᠤ ᠰᠢᠨ᠎ᠡ ᠵᠢᠯ᠂ ᠴᠠᠭᠠᠨ ᠰᠠᠷ᠎ᠠ ᠪᠠ ᠪᠣᠰᠤᠳ ᠵᠠᠩᠭᠢᠯᠠᠭ᠎ᠠ ᠶᠢᠨ ᠪᠠᠶᠠᠷ ᠳᠤᠷᠠᠰᠬᠠᠯ ᠤᠨ ᠡᠳᠤᠷ ᠲᠤ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠴᠤ ᠪᠠᠶᠢᠭ᠎ᠠ ᠪᠠᠶᠢᠳᠠᠯ ᠳᠤ ᠲᠣᠰᠬᠠᠢ ᠪᠠᠶᠢᠴᠠᠭᠠᠯᠲᠠ | ᠥᠷᠨᠢᠭᠦᠯᠵᠤ᠂ ᠴᠠᠯᠢᠩ ᠣᠯᠭᠤᠮᠵᠢ ᠦᠷᠢᠲᠦᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠳᠤ ᠲᠥᠪᠯᠡᠷᠡᠭᠦᠯᠦᠨ ᠵᠠᠰᠠᠨ | ᠴᠡᠭᠴᠡᠯᠡᠯᠲᠡ ᠬᠢᠨ᠎ᠡ᠃ ᠢᠯᠡᠴᠢᠯᠡᠨ ᠵᠠᠭᠠᠯᠳᠤᠭᠰᠠᠨ ᠪᠠ ᠪᠠᠶᠢᠴᠠᠭᠠᠯᠲᠠ ᠳᠣᠮᠳᠠ ᠢᠯᠡᠷᠡᠭᠦᠯᠦᠭᠰᠡᠨ ᠴᠠᠯᠢᠩ | ᠣᠯᠭᠤᠮᠵᠢ ᠥᠷᠢᠲᠦᠭᠰᠡᠨ ᠠᠰᠠᠭᠤᠳᠠᠯ ᠳᠤ᠂ ᠬᠠᠤᠯᠢ ᠳᠤ ᠲᠣᠭᠲᠠᠭᠠᠭᠰᠠᠨ ᠬᠤᠭᠤᠴᠠᠭ᠎ᠠ ᠶᠣᠰᠤᠭᠠᠷ ᠳᠠᠷᠤᠢ | ᠲᠦᠷᠭᠡᠨ ᠭᠦᠢᠴᠡᠳᠬᠡᠵᠤ᠂ ᠴᠠᠯᠢᠩ ᠣᠯᠭᠤᠮᠵᠢ ᠥᠷᠢᠲᠦᠭᠰᠡᠨ ᠬᠡᠷᠡᠭ ᠢ ᠴᠠᠭ ᠤᠨ ᠬᠢᠵᠠᠭᠠᠷ ᠳᠣᠲᠤᠷ᠎ᠠ | ᠰᠢᠢᠳᠪᠦᠷᠢᠯᠡᠬᠦ ᠶᠢ ᠪᠠᠲᠤᠯᠠᠬᠤ ᠬᠡᠷᠡᠭᠲᠠᠢ᠃ | ︵ᠠᠷᠪᠠᠨ ᠲᠠᠪᠤ︶ ᠬᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠬᠦᠨᠳᠡᠯᠡᠨ ᠠᠴᠠ ᠲᠠᠰᠣᠯᠬᠤ ᠦᠢᠯᠡᠳᠤᠯ ᠢ | ᠭᠦᠢᠴᠡᠳ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠬᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠠᠵᠢᠯ ᠢ | ᠣᠯᠠᠮ ᠨᠢᠭᠡ ᠠᠯᠬᠤᠮ ᠴᠢᠩᠭᠠᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ | ᠦᠷᠢᠲᠦᠵᠤ ᠤᠳᠠᠭᠠᠰᠢᠷᠠᠭᠤᠯᠤᠭᠰᠠᠨ ᠳᠤ ᠬᠤᠯᠪᠤᠭᠳᠠᠭᠰᠠᠨ ᠮᠠᠷᠭᠤᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠨ᠎ᠡ᠃ ᠬᠥᠳᠡᠯᠮᠦᠷᠢ ᠶᠢᠨ ᠮᠠᠷᠭᠤᠯᠳᠤᠭᠠᠨ ᠢ ᠬᠦᠨᠳᠡᠯᠡᠨ ᠠᠴᠠ ᠲᠠᠰᠤᠯᠬᠤ ᠪᠠᠶᠢᠭᠤᠯᠭ᠎ᠠ ᠦᠷᠬᠦᠯᠵᠢᠯᠡᠨ | ᠮᠠᠷᠭᠤᠯᠳᠤᠭᠠᠨ ᠢ ᠰᠢᠢᠳᠪᠦᠷᠢᠯᠡᠬᠦ《ᠰᠠᠭᠠᠳ ᠦᠭᠡᠢ ᠨᠡᠪᠲᠡᠷᠡᠬᠦ ᠵᠠᠮ》ᠭᠠᠷᠭᠠᠵᠤ᠂ ᠬᠡᠷᠡᠭ ᠰᠢᠢᠳᠪᠦᠷᠢᠯᠡᠬᠦ | ᠶᠠᠪᠤᠴᠠ ᠶᠢ ᠳᠥᠭᠦᠮᠴᠢᠯᠡᠵᠤ᠂ ᠬᠡᠷᠡᠭ ᠰᠢᠢᠳᠪᠦᠷᠢᠯᠡᠬᠦ ᠠᠷᠭ᠎ᠠ ᠠᠪᠴᠠᠯ ᠢᠶᠠᠨ ᠰᠠᠶᠢᠵᠢᠷᠠᠭᠤᠯᠵᠤ᠂ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠵᠤ ᠤᠳᠠᠭᠠᠰᠢᠷᠠᠭᠤᠯᠬᠤ ᠳᠤ ᠬᠤᠯᠪᠤᠭᠳᠠᠭᠰᠠᠨ | ᠮᠠᠷᠭᠤᠯᠳᠤᠭᠠᠨ ᠲᠠᠢ ᠬᠡᠷᠡᠭ ᠢ ᠤᠷᠢᠳᠡᠪᠡᠷ ᠰᠢᠢᠳᠪᠦᠷᠢᠯᠡᠵᠦ᠂ ᠤᠷᠢᠳᠠᠪᠡᠷ ᠰᠢᠭᠦᠯᠲᠡ ᠬᠢᠨ᠂ ᠲᠠᠷᠤᠢ ᠲᠦᠷᠭᠡᠨ | ᠲᠠᠰᠤᠯᠤᠨ ᠲᠣᠭᠲᠠᠭᠠᠵᠤ᠂ ᠲᠦᠷᠭᠡᠨ ᠢᠶᠠᠷ ᠬᠡᠷᠡᠭ ᠢ ᠰᠢᠢᠳᠬᠡᠨ᠎ᠡ᠃ | ︵ᠠᠷᠪᠠᠨ ᠵᠢᠷᠭᠤᠭ᠎ᠠ︶ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ | ᠦᠷᠨᠢᠭᠦᠯᠦᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠭ᠎ᠠ ᠵᠠᠮ ᠢ ᠨᠡᠪᠲᠡᠷᠡᠭᠦᠯᠵᠤ᠂ ᠬᠦᠴᠦ ᠶᠠᠪᠤᠭᠴᠢ | ᠮᠠᠯᠴᠢᠨ ᠲᠠᠷᠢᠶᠠᠴᠢᠨ ᠲᠦᠪᠯᠡᠷᠡᠭᠰᠡᠨ ᠭᠠᠵᠠᠷ ᠪᠠ ᠬᠦᠨᠳᠡᠯᠡᠨ ᠠᠴᠠ ᠲᠠᠰᠤᠯᠬᠤ᠂ ᠬᠢᠨᠠᠨ ᠪᠠᠶᠢᠴᠠᠭᠠᠬᠤ ᠵᠡᠷᠭᠡ | ᠪᠠᠶᠢᠭᠤᠯᠭ᠎ᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠵᠤ᠂ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠮᠡᠳᠡᠭᠡ ᠵᠠᠩᠬᠢ ᠬᠦᠯᠢᠶᠡᠨ ᠠᠪᠬᠤ᠂ ᠭᠤᠶᠤᠴᠢᠯᠠᠯ ᠳᠡᠪᠰᠢᠭᠦᠯᠬᠦ ᠳᠤ ᠳᠦᠭᠦᠮ | ᠦᠵᠡᠭᠦᠯᠦᠨ᠎ᠡ᠃ ᠣᠯᠠᠨ ᠲᠥᠷᠦᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠵᠤ᠂ | ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠤᠨ ᠭᠤᠣᠯ ᠠᠭᠤᠯᠭ᠎ᠠ ᠪᠠ | ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠬᠦᠮᠦᠨ ᠬᠡᠷᠡᠭᠯᠡᠬᠦ ᠨᠢᠭᠡᠴᠡ ᠶᠢᠨ ᠬᠠᠤᠯᠢ ᠶᠤᠰᠤᠭᠠᠷ ᠬᠦᠮᠦᠨ | ᠬᠡᠷᠡᠭᠯᠡᠬᠦ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠢ | ᠬᠦᠲᠦᠯᠦᠨ ᠵᠢᠯᠤᠭᠤᠳᠴᠤ ᠵᠥᠪ ᠵᠣᠬᠢᠰᠲᠠᠢ ᠪᠠᠷ ᠡᠷᠬᠡ ᠠᠰᠢᠭ ᠢᠶᠠᠨ ᠬᠠᠮᠠᠭᠠᠯᠠᠨ᠎ᠠ᠃ ᠵᠢᠯ ᠪᠤᠯᠭᠠᠨ ᠤ ᠴᠠᠯᠢᠩ | ᠣᠯᠭᠤᠮᠵᠢ ᠥᠷᠢᠲᠦᠬᠦ ᠶᠢ ᠴᠡᠭᠴᠡᠯᠡᠬᠦ ᠵᠠᠩᠭᠢᠯᠠᠭ᠎ᠠ ᠶᠢᠨ ᠴᠠᠭ ᠲᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠣᠯᠭᠤᠮᠵᠢ ᠶᠢ ᠥᠭᠬᠦ ᠶᠢ ᠪᠠᠲᠤᠯᠠᠬᠤ ᠲᠦᠪᠯᠡᠷᠡᠭᠦᠯᠦᠨ ᠤᠬᠠᠭᠤᠯᠬᠤ ᠠᠵᠢᠯᠯᠠᠭ᠎ᠠ ᠦᠷᠨᠢᠭᠦᠯᠵᠤ᠂ ᠪᠥᠬᠦ | ᠨᠡᠶᠢᠭᠡᠮ ᠢᠶᠠᠷ ᠢᠶᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ | ᠠᠮᠢᠰᠬᠤᠯ ᠢ ᠪᠤᠢ ᠪᠤᠯᠭᠠᠨ᠎ᠠ᠃ | ᠳᠣᠯᠤᠭ᠎ᠠ᠂ ᠲᠤᠰ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ ᠡᠬᠢᠯᠡᠵᠦ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 3 ᠵᠢᠯ ᠂ ᠵᠢᠷᠤᠮᠵᠢᠯᠠᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠨᠢᠭᠡᠳᠦᠯᠲᠠᠢ ᠳ᠋ᠤᠭᠠᠷ ᠨᠢ ᠄ ZG —2018 —3᠃ | | |