ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠭᠬᠦ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2018/9/26
         ᠬᠥᠬᠡᠬᠤᠲᠠ ᠵᠠᠰᠠᠭ ᠲᠠᠷᠬᠠᠭᠠᠭᠰᠠᠨ ︹ 2018︺ 11 ᠳ᠋ᠦ᠋ᠭᠡᠷ ᠲᠤᠭᠠᠲᠤ          2018 ᠣᠨ ᠤ 3 ᠳ᠋ᠤᠭᠠᠷ ᠰᠠᠷ᠎ᠠ ᠶᠢᠨ 5 ᠤ ᠡᠳᠦᠷᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠵᠥᠪᠯᠡᠯ᠂ ᠠᠯᠪᠠᠨ ᠭᠡᠷ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄          ᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ ᠡᠯ᠎ᠡ ᠵᠥᠪᠯᠡᠯ᠂ ᠠᠯᠪᠠᠨ ᠭᠡᠷ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄      ︽ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ ᠪᠥᠬᠦ ᠲᠠᠯ᠎ᠠ ᠪᠠᠷ ᠵᠠᠰᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2016 ︺ 1 ᠳ᠋ᠦ᠋ᠭᠡᠷ ᠲᠤᠭᠠᠲᠤ︶᠂ ︽ᠠᠯᠪᠠᠨ ᠲᠢᠩᠬᠢᠮ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2016 ︺120 ᠳ᠋ᠤᠭᠠᠷ ᠲᠤᠭᠠᠲᠤ︶᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢ ᠥᠭᠬᠦ ᠶᠢ ᠪᠠᠲᠤᠯᠠᠬᠤ ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ〉 ᠶᠢ ᠳᠠᠷᠤᠮᠠᠯᠯᠠᠨ ᠶᠠᠪᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺9 ᠳ᠋ᠦ᠋ᠭᠡᠷ ᠲᠤᠭᠠᠲᠤ︶ ᠵᠡᠷᠭᠡ ᠮᠡᠳᠡᠭᠳᠡᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠲᠠ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠵᠤ  ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠥᠯᠥᠰᠥ ᠬᠠᠷᠠᠮᠵᠢ ᠶᠢᠨ ᠡᠷᠬᠡ ᠠᠰᠢᠭ ᠢ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠤᠰᠠᠳᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯᠲᠡ ᠪᠠᠷ ᠣᠳᠣ ᠳᠣᠣᠷᠠᠬᠢ ᠮᠡᠲᠦ ᠰᠠᠨᠠᠯ ᠤᠳ ᠢ ᠳᠤᠷᠠᠳᠪᠠ᠄      ᠨᠢᠭᠡ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ ᠲᠣᠭᠲᠠᠴᠠ ᠶᠢ ᠲᠡᠭᠦᠯᠳᠡᠷᠵᠢᠭᠦᠯᠦᠨ᠎ᠡ      ︵ᠨᠢᠭᠡ︶ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ︽ ᠬᠠᠷᠢᠶᠠᠯᠠᠭᠳᠠᠬᠤ ᠭᠠᠵᠠᠷ ᠢᠶᠠᠷ ᠬᠠᠮᠢᠶᠠᠷᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠭᠤᠣᠯᠯᠠᠨ ᠬᠠᠮᠢᠶᠠᠷᠤᠭᠴᠢ ᠬᠠᠷᠢᠭᠤᠴᠠᠬᠤ︾  ᠵᠠᠷᠴᠢᠮ ᠢ ᠪᠠᠷᠢᠮᠲᠠᠯᠠᠵᠤ ᠵᠠᠰᠠᠭ ᠤᠨ ᠣᠷᠳᠣᠨ ᠤ ᠬᠠᠷᠢᠶᠠᠯᠠᠭᠳᠠᠬᠤ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ  ᠤᠳᠠᠭᠠᠰᠢᠷᠠᠭᠤᠯᠵᠤ ᠪᠠᠶᠢᠭ᠎ᠠ ᠠᠰᠠᠭᠤᠳᠠᠯ ᠢ ᠪᠣᠳᠠᠲᠠᠶ ᠬᠠᠷᠢᠭᠤᠴᠠᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠬᠠᠷᠢᠭᠤᠴᠠᠯᠭᠠᠲᠠᠨ ᠳᠦᠷᠦᠭᠦᠯᠦᠨ ᠬᠠᠮᠢᠶᠠᠷᠴᠤ  ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠣᠷᠣᠯᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢ ᠪᠠᠲᠤᠯᠠᠬᠤ ᠠᠵᠢᠯ ᠤᠨ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠴᠠᠯᠢᠩ ᠤᠨ ᠥᠷᠢᠲᠦᠯ ᠢ ᠰᠢᠢᠳᠪᠦᠷᠢᠯᠡᠬᠦ ᠪᠠ ᠲᠤᠰ ᠭᠠᠵᠠᠷ ᠣᠷᠣᠨ ᠤ ᠪᠠᠨ ᠳᠣᠲᠣᠷᠠᠬᠢ ᠴᠠᠯᠢᠩ ᠥᠷᠢᠲᠦᠬᠦ ᠬᠡᠷᠡᠭ ︵ᠶᠠᠪᠤᠳᠠᠯ︶ ᠢ ᠰᠢᠢᠳᠪᠦᠷᠢᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠥᠯᠥᠪᠵᠢᠭᠦᠯᠭᠡ ᠪᠠᠷ ᠵᠣᠬᠢᠴᠠᠩᠭᠤᠶ ᠬᠠᠮᠲᠤᠷᠠᠭᠰᠠᠨ ᠥᠷᠢ ᠰᠢᠷᠢ ᠶᠢ ᠢᠯᠭᠠᠷᠠᠭᠤᠯᠬᠤ  ᠪᠠᠲᠤᠯᠠᠭ᠎ᠠ ᠶᠢᠨ ᠦᠢᠯᠡᠴᠢᠯᠡᠭᠡᠨ ᠤ ᠲᠢᠩᠬᠢᠮ ᠢ ᠪᠦᠳᠦᠬᠡᠨ ᠪᠠᠶᠢᠭᠤᠯᠤᠨ᠎ᠠ᠃ ᠢᠨᠵᠧᠨᠧᠷᠢᠩ ᠤᠨ ᠳᠦᠷᠦᠯ ᠵᠦᠢᠯ ᠤᠨ  ︵ᠶᠡᠷᠦᠩᠬᠡᠶ︶ ᠳᠠᠭᠠᠭᠠᠴᠢᠯᠠᠭᠰᠠᠨ ᠠᠵᠤ ᠠᠬᠤᠶᠢᠯᠠᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠷᠢᠲᠦᠭᠰᠡᠨ ᠴᠠᠯᠢᠩ ᠬᠥᠯᠥᠰᠦ ᠢ ᠲᠥᠯᠥᠬᠦ ᠶᠢ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠬᠠᠷᠢᠭᠤᠴᠠᠬᠤ ᠲᠦᠷᠢᠮ ᠢ ᠲᠣᠭᠲᠠᠭᠠᠨ᠎ᠠ᠃ ᠪᠦᠲᠦᠭᠡᠨ ᠪᠠᠶᠢᠭᠤᠯᠬᠤ ᠨᠢᠭᠡᠴᠡ ᠪᠤᠶᠤ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠳᠠᠭᠠᠭᠠᠴᠢᠯᠠᠯᠲᠠ ᠶᠢᠨ ᠭᠡᠷ᠎ᠡ ᠳᠤ ᠪᠣᠯᠵᠣᠨ ᠲᠣᠭᠲᠠᠭᠠᠭᠰᠠᠨ ᠶᠣᠰᠣᠭᠠᠷ ᠪᠠᠷᠢᠯᠭ᠎ᠠ ᠶᠢᠨ ᠰᠦᠢᠳᠭᠡᠯ ᠢ ᠰᠠᠯᠭᠠᠨ ᠦᠭᠭᠦᠭᠰᠡᠨ ᠦᠭᠡᠢ ᠠᠴᠠ ᠪᠣᠯᠵᠤ ᠳᠠᠭᠠᠭᠠᠴᠢᠯᠠᠭᠰᠠᠨ‌ᠠᠵᠤ ᠠᠬᠤᠶᠢᠯᠠᠯ ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠪᠠᠶᠢᠪᠠᠯ᠂ ᠤᠷᠢᠳᠠᠪᠠᠷ ᠪᠦᠳᠦᠭᠡᠠ ᠪᠠᠶᠢᠭᠤᠯᠬᠤ ᠨᠢᠭᠡᠴᠡ ᠪᠤᠶᠤ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠣᠷᠣᠯᠠᠨ ᠦᠭᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ᠃      ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠵᠤ᠂ ᠪᠠᠯᠠ ᠮᠥᠩᠭᠦ ᠶᠢᠨ ᠢᠷᠡᠯᠲᠡ ᠪᠣᠯᠤᠨ ᠴᠤᠭᠯᠠᠭᠤᠯᠤᠭᠰᠠᠨ ᠠᠷᠭ᠎ᠠ ᠮᠠᠶ᠋ᠢᠭ ᠢ ᠴᠢᠩᠭ᠎ᠠ ᠬᠢᠨᠠᠨ ᠪᠠᠶᠢᠴᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠤᠯᠢ ᠶᠤᠰᠤᠭᠠᠷ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠤᠷᠤᠭᠤᠯᠬᠤ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠷᠢᠭᠤᠴᠠᠨ᠎ᠠ᠃      ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃      ᠬᠤᠳᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠠᠷᠢᠯᠭ᠎ᠠ ᠶᠢᠨ ᠲᠥᠷᠥᠯ  ᠵᠦᠢᠯ ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ ᠢ ᠴᠢᠩᠭ᠎ᠠ ᠬᠢᠨᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠷᠢᠯᠭ᠎ᠠ ᠪᠠᠷᠢᠬᠤ ᠶᠠᠪᠤᠴᠠ ᠳᠤ ᠳ᠋ᠦᠢᠩᠨᠡᠨ ᠪᠤᠳᠤᠬᠤ᠂ ᠴᠠᠯᠢᠩ ᠪᠠ ᠪᠠᠷᠢᠯᠭ᠎ᠠ ᠶᠢᠨ ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ᠂ ᠬᠦᠴᠦ ᠶᠠᠪᠤᠭᠴᠢ ᠮᠠᠯᠴᠢᠨ  ᠲᠠᠷᠢᠶᠠᠴᠢᠨ ᠤ ᠴᠠᠯᠢᠩ ᠢ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠠᠷᠬᠠᠭᠠᠬᠤ᠂ ᠪᠠᠷᠢᠯᠭ᠎ᠠ ᠶᠢᠨ ᠰᠦᠢᠳᠭᠡᠯ ᠥᠭᠬᠦ ᠳᠠᠭᠠᠭᠠᠯᠲᠠ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠶᠢᠨ ᠲᠦᠷᠢᠮ ᠢ ᠲᠣᠭᠲᠠᠭᠠᠵᠤ ᠨᠠᠶᠢᠳᠠᠪᠤᠷᠢᠵᠢᠭᠤᠯᠤᠨ᠎ᠠ᠃ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠴᠠᠯᠢᠩ ᠬᠥᠯᠥᠰᠦ ᠳᠤ ᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠳᠠᠲᠠᠢ ᠠᠷᠭ᠎ᠠ ᠬᠡᠮᠵᠢᠶ᠎ᠡ ᠲᠤᠭᠲᠠᠭᠠᠵᠤ᠂ ᠪᠠᠷᠢᠯᠭ᠎ᠠ ᠪᠠᠷᠢᠭᠤᠯᠬᠤ ᠨᠢᠭᠡᠴᠡ ᠪᠤᠶᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠪᠠᠷᠢᠯᠭ᠎ᠠ ᠶᠢᠨ ᠵᠤᠭᠤᠰ ᠢ ᠳᠤᠲᠠᠭᠤ ᠥᠭᠭᠦᠭᠰᠡᠨ ᠬᠡᠪᠴᠢᠶᠡᠨ ᠳᠤᠲᠤᠷ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠷᠢᠳᠠᠪᠠᠷ ᠣᠷᠣᠯᠠᠨ ᠦᠭᠬᠦ ᠠᠷᠭ᠎ᠠ ᠶᠢ ᠲᠣᠭᠲᠠᠭᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠴᠡᠪᠡᠷᠯᠡᠨ ᠭᠠᠷᠭᠠᠬᠤ ᠲᠦᠷᠢᠮ ᠢ ᠪᠠᠶᠢᠭᠤᠯᠤᠨ ᠲᠤᠭᠲᠠᠭᠠᠨ᠎ᠠ᠃      ᠴᠠᠯᠢᠩ ᠥᠭᠬᠦ ᠶᠢ ᠬᠢᠨᠠᠨ ᠡᠵᠡᠮᠳᠡᠬᠦ ᠲᠣᠣᠷ ᠰᠦᠯᠵᠢᠶ᠎ᠡ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ ᠬᠤᠲᠠ ᠶᠢᠨ ᠳᠣᠲᠣᠷᠠᠬᠢ ᠠᠵᠤ ᠠᠬᠤᠶᠢᠯᠠᠯ ᠤᠨ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠤᠢ ᠪᠤᠯᠭᠠᠨ᠎ᠠ᠃ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠠᠵᠢᠯ ‍ᠤᠨ‌ᠡᠳᠦᠷ ᠲᠤᠲᠤᠮ ᠤᠨ ᠬᠢᠨᠠᠨ ᠬᠠᠮᠢᠶᠠᠷᠥᠯᠲᠠ ᠶᠢ ᠴᠢᠩᠭᠠᠳᠬᠠᠵᠤ᠂ ᠬᠠᠤᠯᠢ ᠪᠤᠰᠤ ᠪᠠᠷ ᠪᠠᠷᠢᠯᠭ᠎ᠠ ᠶᠢᠨ ᠰᠦᠢᠳᠭᠡᠯ ᠢ ᠥᠷᠢᠲᠦᠬᠦ ᠂ ᠨᠡᠷ᠎ᠡ ᠵᠢᠭᠡᠯᠡᠵᠦ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ ᠵᠡᠷᠭᠡ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠬᠡᠷᠡᠭ ᠶᠠᠪᠤᠳᠠᠯ ᠢ ᠬᠠᠤᠯᠢ ᠶᠤᠰᠤᠭᠠᠷ ᠪᠠᠶᠢᠴᠠᠭᠠᠨ ᠰᠢᠳᠪᠦᠷᠢᠯᠡᠬᠦ ᠶᠢ ᠬᠠᠷᠢᠭᠤᠴᠠᠨ᠎ᠠ᠃      ᠵᠠᠮ ᠬᠠᠷᠢᠯᠴᠠᠭ᠎ᠠ᠂ ᠤᠰᠤᠨ ᠤ ᠶᠠᠪᠤᠳᠠᠯ ᠵᠡᠷᠭᠡ ᠰᠠᠯᠠᠭ᠎ᠠ ᠮᠦᠴᠢᠷ ᠳᠤᠰ ᠳᠤᠰ ᠤᠨ ᠠᠵᠢᠯ ᠲᠦᠷᠦᠯ ᠤᠨ ᠣᠨᠴᠠᠯᠢᠭ ᠢᠶᠠᠨ ᠦᠨᠳᠦᠰᠦᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ᠂ ᠪᠠᠩᠬᠢ ᠠᠴᠠ ᠰᠠᠷ᠎ᠠ ᠪᠦᠷᠢ ᠴᠠᠯᠢᠩ ᠣᠷᠣᠯᠠᠨ ᠲᠠᠷᠬᠠᠭᠠᠬᠤ᠂ ᠴᠠᠯᠢᠩ ᠪᠠ ᠪᠠᠷᠢᠯᠭ᠎ᠠ ᠶᠢᠨ ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠵᠡᠷᠭᠡ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠲᠤᠭᠲᠠᠭᠠᠨᠰᠠᠨ ᠠᠯᠢ ᠤᠯᠠᠨ ᠲᠦᠷᠢᠮ ᠲᠣᠭᠲᠠᠭᠠᠯ ᠲᠠᠢ ᠲᠥᠰᠲᠡᠶ ᠠᠵᠢᠯ ᠤᠨ ᠲᠦᠷᠢᠮ ᠲᠣᠭᠲᠠᠭᠠᠯ᠂ ᠠᠷᠭ᠎ᠠ᠂ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠲᠤᠰ ᠲᠤᠰ ᠤᠨ ᠠᠵᠢᠯ ᠲᠦᠷᠦᠯ ᠤᠨ ᠳᠣᠲᠣᠷᠠᠬᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠯᠲᠡ ᠪᠠ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠲᠤᠰ ᠲᠤᠰ ᠤᠨ ᠠᠵᠢᠯ ᠲᠦᠷᠦᠯ ᠤᠨ ᠳᠣᠲᠣᠷ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠠᠴᠠ ︽ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠠᠵᠢᠯ ᠲᠥᠷᠥᠯ ᠢᠶᠠᠷ ᠨᠢ ᠬᠠᠮᠢᠶᠠᠷᠤᠭᠤᠯᠵᠤ᠂ ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ ᠴᠠᠯᠢᠩ ᠬᠥᠯᠥᠰᠥ ᠶᠢ ᠦᠷᠢᠲᠦᠭᠰᠡᠨ ᠰᠤᠷᠪᠤᠯᠵᠢᠯᠠᠭ᠎ᠠ ᠶᠢ ᠲᠣᠰᠣᠨ ᠰᠢᠯᠵᠢᠭᠦᠯᠬᠦ ᠪᠥᠭᠡᠳ ᠡᠯ᠎ᠡ ᠡᠭᠦᠷᠭᠡ ᠬᠠᠷᠢᠭᠤᠴᠠᠯᠭᠠᠲᠤ ᠰᠠᠯᠠᠭ᠎ᠠ ᠮᠦᠴᠢᠷ ᠢ ᠰᠢᠮᠳᠠᠭᠤᠯᠵᠤ ᠪᠠᠶᠢᠭᠠᠳ ᠲᠤᠪᠤᠶᠢᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠭᠦᠯᠵᠦ᠂ ᠵᠡᠭᠠᠯᠳᠦᠬᠤ ᠪᠠᠷ ᠢᠷᠡᠭᠰᠡᠳ ᠲᠤ ᠲᠠᠶᠢᠯᠪᠤᠷᠢᠯᠠᠬᠤ᠂ ᠬᠥᠲᠥᠯᠥᠨ ᠵᠢᠯᠣᠭᠤᠳᠬᠤ ᠠᠵᠢᠯ ᠢ ᠰᠠᠶᠢᠳᠤᠷ ᠬᠢᠬᠦ ᠶᠢ ᠬᠠᠷᠢᠭᠤᠴᠠᠨ᠎ᠠ᠃      ᠬᠥᠮᠦᠨ ᠤ ᠬᠦᠴᠦᠨ ᠤ ᠡᠬᠢ ᠪᠠᠶᠠᠯᠢᠭ  ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ‍ᠤᠨ‌ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠰᠠᠶᠢᠲᠤᠷ ᠬᠢᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠨ᠎ᠠ᠃ ᠬᠥᠳᠡᠯᠮᠦᠷᠢ ᠶᠢᠨ ᠬᠥᠯᠥᠰᠦ ᠬᠠᠷᠠᠮᠵᠢ ᠶᠢ ᠥᠭᠬᠦ ᠶᠢ ᠲᠡᠪᠴᠢᠭᠰᠡᠨ ᠬᠡᠷᠡᠭ ᠢ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠨ᠎ᠡ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢᠨ ᠡᠷᠴᠢᠮ ᠢ ᠴᠢᠩᠭᠠᠷᠠᠭᠤᠯᠵᠤ᠂ ᠬᠦᠯᠢᠶᠡᠨ ᠠᠪᠤᠭᠰᠠᠨ ᠬᠡᠷᠡᠭ ᠢ ᠲᠣᠭᠲᠠᠭᠰᠠᠨ ᠬᠤᠭᠤᠴᠠᠭᠠᠨ ᠳᠣᠲᠣᠷ᠎ᠠ ᠵᠣᠬᠢᠰᠲᠠᠶ ᠰᠢᠢᠳᠪᠦᠷᠢᠯᠡᠵᠦ ᠳᠠᠭᠤᠰᠬᠠᠬᠤ ᠶᠢ ᠪᠠᠲᠤᠯᠠᠬᠤ ᠶᠢ ᠬᠠᠷᠢᠭᠤᠴᠠᠨ᠎ᠠ᠃      ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠭᠠᠵᠠᠷ ᠢ ᠬᠢᠨᠠᠨ ᠬᠠᠮᠢᠶᠠᠷᠴᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ᠂ ᠠᠵᠢᠯ ᠡᠬᠢᠯᠡᠭᠦᠯᠬᠦ ᠭᠠᠷᠳᠠᠮ ᠭᠦᠢᠴᠡᠳᠬᠡᠭᠰᠡᠨ ᠦᠭᠡᠢ ᠪᠤᠶᠤ ᠭᠠᠷ ᠭᠦᠢᠴᠡᠳᠬᠡᠯ ᠨᠢ ᠪᠦᠷᠢᠨ ᠪᠤᠰᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠠᠵᠢᠯ ᠢ ᠨᠢ ᠵᠤᠭᠰᠤᠭᠠᠬᠤ ᠶᠢ ᠬᠠᠷᠢᠭᠤᠴᠠᠨ᠎ᠠ᠃      ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠠᠵᠤ ᠠᠬᠤᠶᠢᠯᠠᠯ ᠤᠨ ᠪᠠᠯᠠ ᠭᠠᠷᠭᠠᠭᠴᠢ ᠶᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠵᠠᠰᠠᠬᠤ ᠶᠢ ᠬᠠᠷᠢᠭᠤᠴᠠᠨ᠎ᠠ᠃      ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢ ᠲᠦᠭᠡᠮᠡᠯᠵᠢᠭᠦᠯᠦᠨ ᠤᠬᠠᠭᠤᠯᠬᠤ ᠬᠥᠳᠡᠯᠭᠡᠭᠡᠨ ᠥᠷᠨᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠬᠠᠤᠯᠢ ᠶᠣᠰᠣᠭᠠᠷ ᠵᠥᠪ ᠵᠣᠬᠢᠰᠲᠠᠢ ᠪᠠᠷ ᠡᠷᠬᠡ ᠠᠰᠢᠭ ᠢᠶᠠᠨ ᠬᠠᠮᠠᠭᠠᠯᠠᠭᠤᠯᠬᠤ ᠶᠢ ᠤᠬᠠᠭᠤᠯᠤᠨ᠎ᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠥᠭᠬᠦ ᠴᠢᠳᠠᠯ ᠦᠭᠡᠢ ᠬᠦᠴᠦ ᠶᠠᠪᠤᠭᠴᠢ ᠮᠠᠯᠴᠢᠨ ᠲᠠᠷᠢᠶᠠᠴᠢᠨ ᠳᠤ  ᠦᠨ᠎ᠡ ᠲᠦᠯᠦᠪᠦᠷᠢ ᠦᠭᠡᠢ ᠪᠠᠷ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ᠬᠥᠳᠡᠯᠮᠦᠷᠢ ᠦᠢᠯᠡᠴᠢᠯᠡᠭᠡ ᠶᠢ ᠬᠤᠪᠢᠶᠠᠨ ᠳᠠᠭᠠᠭᠠᠴᠢᠯᠠᠭᠰᠠᠨ ᠠᠴᠠ ᠪᠤᠯᠵᠦ ᠡᠭᠦᠰᠦᠭᠰᠡᠨ ᠵᠢᠭᠤᠷᠠᠯᠳᠤᠭᠠᠨ ᠳᠤ ᠬᠦᠴᠦ ᠶᠠᠪᠤᠭᠴᠢ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠡᠶᠡᠳᠡᠭᠦᠯᠬᠦ ᠵᠥᠪᠳᠡᠯᠴᠡᠬᠦ ᠪᠤᠶᠤ ᠬᠠᠤᠯᠢ ᠴᠠᠭᠠᠵᠠ ᠶᠢᠨ ᠠᠷᠭ᠎ᠠ ᠪᠠᠷ ᠰᠢᠢᠳᠪᠦᠷᠢᠯᠡᠬᠦ ᠶᠢ ᠬᠠᠷᠢᠭᠤᠴᠠᠨ᠎ᠠ᠃      ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠶᠢ ᠲᠡᠪᠴᠢᠭᠰᠡᠨ ᠶᠠᠯᠠᠲᠤ ᠬᠡᠷᠡᠭ ᠢ ᠳᠡᠩᠨᠡᠨ ᠰᠢᠢᠳᠭᠡᠵᠦ᠂ ᠴᠠᠯᠢᠩ ᠥᠷᠢᠲᠦᠭᠡᠳ ᠵᠠᠶᠢᠯᠠᠨ ᠳᠤᠲᠠᠭᠠᠵᠤ ᠳᠠᠯᠳᠠᠯᠠᠭᠰᠠᠨ ᠪᠠ ᠡᠳ᠋ ᠭᠦᠷᠦᠩᠭᠡ ᠪᠠᠨ ᠰᠢᠯᠵᠢᠭᠦᠯᠬᠦ ᠵᠡᠷᠭᠡ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠴᠠ ᠪᠣᠯᠤᠭᠰᠠᠨ ᠬᠡᠪ ᠤᠨ ᠪᠤᠰᠤ ᠳᠡᠭᠡᠭᠰᠢ ᠰᠤᠷᠪᠤᠯᠵᠢᠯᠠᠬᠤ᠂ ᠮᠠᠭᠤ ᠰᠠᠨᠠᠭ᠎ᠠ ᠪᠠᠷ ᠴᠠᠯᠢᠩ ᠬᠦᠬᠡᠭᠡᠬᠦ ᠪᠠ  ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠶᠢ ᠬᠠᠷᠢᠭᠤᠴᠠᠨ᠎ᠠ᠃      ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠢᠶᠠᠷ ᠴᠠᠯᠢᠩ ᠥᠷᠢᠲᠦᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠢᠯᠡᠴᠢᠯᠡᠨ ᠨᠡᠶᠢᠲᠡᠯᠡᠵᠦ᠂ ᠦᠨᠡᠮᠯᠡᠯ ᠦᠬᠡᠢ ᠪᠠᠷ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠠᠭᠠᠵᠠᠯᠠᠨ᠎ᠠ᠃ ︽ ᠬᠤᠤᠰ ᠲᠣᠬᠢᠶᠠᠯᠳᠤᠯ ︾ ᠢᠶᠠᠷ ᠰᠤᠭᠤᠴᠢᠨ ᠪᠠᠶᠢᠴᠠᠭᠠᠬᠤ ᠪᠠ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ᠂ ᠡᠳᠦᠷ ᠲᠤᠲᠤᠮ ᠤᠨ ᠰᠤᠭᠤᠴᠢᠨ  ᠪᠠᠶᠢᠴᠠᠭᠠᠬᠤ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠬᠠᠷᠢᠭᠤᠴᠠᠨ ᠠᠵᠤ ᠠᠬᠤᠶᠢᠯᠠᠯ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠠᠮᠲᠤ ᠶᠢᠨ ᠭᠡᠷ᠎ᠡ ᠶᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠺᠣᠮᠫᠠᠨᠢ ᠶᠢᠨ ᠳᠦᠷᠢᠮᠲᠦ ᠠᠵᠤ ᠠᠬᠤᠶᠢᠯᠠᠯ ᠢ ᠲᠣᠭᠲᠠᠭᠠᠯ ᠶᠣᠰᠣᠭᠠᠷ ᠰᠢᠮᠳᠠᠭᠤᠯᠤᠨ ᠵᠢᠯᠣᠭᠤᠳᠴᠤ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠯᠢᠩ ᠥᠷᠢᠲᠦᠭᠰᠡᠨ ᠠᠰᠠᠭᠤᠳᠠᠯ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠠᠤᠯᠢ ᠶᠣᠰᠣᠭᠠᠷ ᠰᠢᠢᠳᠪᠦᠷᠢᠯᠡᠭᠦᠯᠬᠦ ᠶᠢ ᠬᠠᠷᠢᠭᠤᠴᠠᠨ᠎ᠠ᠃      ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠠᠴᠠ ᠬᠠᠷᠢᠭᠤᠴᠠᠨ ᠡᠯ᠎ᠡ ᠲᠥᠷᠥᠯ ᠤᠨ ᠠᠵᠤ ᠠᠬᠤᠶᠢᠯᠠᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠬᠤ ᠺᠠᠷᠲ ᠢ ᠪᠠᠩᠬᠢ ᠶᠢᠨ ᠬᠢᠨᠠᠯᠲᠠ ᠶᠢᠨ ᠰᠢᠰᠲ᠋ᠧᠮ ᠳᠤ ᠣᠷᠣᠭᠤᠯᠵᠤ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠲᠤ  ᠪᠦᠲᠦᠮᠵᠢᠲᠠᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠠᠵᠤ ᠠᠬᠤᠶᠢᠯᠠᠯ ᠤᠨ ᠪᠡᠯᠡ ᠮᠦᠩᠬᠦ ᠰᠢᠯᠵᠢᠭᠦᠯᠬᠦ ᠶᠢ ᠴᠢᠩᠭ᠎ᠠ ᠬᠤᠷᠢᠭᠯᠠᠵᠤ᠂ ᠡᠭᠦᠨ ᠤ ᠬᠠᠮᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠠᠵᠤ ᠠᠬᠤᠶᠢᠯᠠᠯ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠷᠢᠭᠤᠴᠠᠨ᠎ᠠ᠃      ᠰᠤᠷᠲᠠᠯ ᠤᠬᠠᠭᠤᠯᠭ᠎ᠠ ᠶᠢᠨ ᠰᠠᠯᠠᠭ᠎ᠠ ᠮᠥᠴᠢᠷ ᠠᠴᠠ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠠᠮᠢᠶ᠎ᠠ ᠪᠦᠬᠦᠢ ᠮᠡᠳᠡᠭᠡᠯᠡᠯ ᠢ ᠰᠠᠶᠢᠲᠤᠷ ᠬᠢᠬᠦ ᠶᠢ ᠵᠤᠬᠢᠴᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠶᠢ ᠬᠠᠷᠢᠭᠤᠴᠠᠨ᠎ᠠ᠃      ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠯᠭᠤᠮᠵᠢ ᠶᠢ ᠪᠠᠲᠤᠯᠠᠬᠤ ᠠᠵᠢᠯ ᠤᠨ ᠳᠤᠮᠳᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠤᠢᠭᠡᠢ᠂ ᠵᠣᠬᠢᠶᠠᠨ ᠪᠠᠶᠢᠭᠤᠯᠬᠤ ᠠᠵᠢᠯ ᠪᠣᠳᠠᠲᠠᠢ ᠪᠢᠰᠢ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠦᠭᠡᠢ ᠨᠢᠭᠡᠴᠡ ᠪᠠ ᠬᠤᠪᠢ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠵᠤ᠂ ᠬᠠᠤᠯᠢ ᠶᠣᠰᠣᠭᠠᠷ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠬᠦ ᠶᠢ ᠬᠠᠷᠢᠭᠤᠴᠠᠨ᠎ᠠ᠃       ︵ᠬᠤᠶᠠᠷ︶ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠬᠡᠷᠡᠭᠵᠢᠭᠦᠯᠦᠨ᠎ᠡ᠃ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠠᠵᠢᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠬᠢᠨᠠᠨ ᠰᠢᠯᠭᠠᠵᠤ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠤᠷᠤᠭᠤᠯᠤᠨ᠎ᠠ᠃ ᠳᠡᠭᠡᠳᠦ ᠱᠠᠲᠤᠨ ᠤ ᠵᠠᠰᠠᠭ ᠤᠨ ᠣᠷᠳᠣᠨ ᠨᠢ ᠳᠤᠤᠷᠠᠳᠤ ᠨᠢᠭᠡ ᠱᠠᠲᠤᠨ ᠤ ᠵᠠᠰᠠᠭ ᠤᠨ ᠣᠷᠳᠣᠨ ᠪᠠ ᠲᠤᠰ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠬᠠᠷᠢᠭᠤᠴᠠᠯᠭ᠎ᠠ ᠶᠢ  ᠪᠤᠲᠠᠲᠠᠶᠢᠵᠢᠭᠤᠯᠬᠤ ᠶᠢᠨ ᠬᠠᠮᠲᠤ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ᠴᠠᠯᠢᠩ ᠥᠷᠢᠲᠦᠬᠦ ᠠᠰᠠᠭᠤᠳᠠᠯ ᠠᠴᠠ ᠪᠤᠯᠤᠭᠰᠠᠨ ᠬᠦᠨᠳᠦ ᠶᠡᠭᠡ ᠣᠯᠠᠨ ᠨᠡᠶᠢᠲᠡ ᠵᠢᠨ‌‍ᠴᠢᠨᠠᠷᠲᠠᠶ ᠬᠡᠷᠡᠭ ᠪᠤᠶᠤ ᠬᠡᠲᠦᠷᠡᠮᠡᠭᠡᠢ ᠬᠡᠷᠡᠭ ᠶᠠᠪᠤᠳᠠᠯ ᠭᠠᠷᠤᠭᠰᠠᠨ ᠭᠠᠵᠠᠷ ᠣᠷᠣᠨ ᠳᠤ᠂ ᠲᠤᠰ ᠬᠢᠨᠠᠨ ᠰᠢᠯᠭᠠᠯᠲᠠ ᠳᠤ ᠨᠢᠭᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ᠃      ︵ᠭᠤᠷᠪᠠ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠪᠠᠶᠢᠭᠤᠯᠤᠨ᠂ ᠬᠡᠷᠡᠭ ᠤᠨ ᠰᠦᠪᠡᠭᠴᠢ ᠶᠢ ᠰᠢᠯᠵᠢᠭᠦᠯᠦᠨ ᠰᠢᠳᠪᠦᠷᠢᠯᠡᠬᠦ  ᠂ ᠪᠠᠶᠢᠴᠠᠭᠠᠬᠤ᠂ ᠪᠣᠯᠵᠣᠨ ᠶᠠᠷᠢᠯᠴᠠᠬᠤ᠂ ᠵᠠᠷᠯᠠᠬᠤ᠂ ᠰᠢᠮᠳᠠᠭᠤᠯᠬᠤ᠂  ᠤᠲᠠᠰᠤ ᠪᠠᠷ ᠬᠠᠷᠢᠭᠤ ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠳᠤ ᠳᠠᠷᠠᠭᠠᠯᠠᠨ ᠰᠢᠮᠳᠠᠭᠤᠯᠤᠨ ᠪᠠᠶᠢᠴᠠᠭᠠᠯᠲᠠ ᠥᠷᠨᠢᠭᠦᠯᠦᠨ᠂ ᠱᠠᠲᠤ ᠱᠠᠲᠤ ᠪᠠᠷ ᠠᠵᠢᠯ ᠤᠨ ᠳᠠᠷᠤᠭᠠᠰᠤ ᠶᠢ ᠳᠠᠮᠵᠢᠭᠤᠯᠤᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠰᠡᠨ ᠠᠰᠠᠭᠤᠳᠠᠯ ᠣᠯᠠᠨ ᠪᠥᠭᠡᠳ ᠪᠠᠶᠢᠩᠭᠤ ᠡᠭᠦᠰᠬᠦ᠂ ᠢᠯᠡᠴᠢᠯᠡᠭᠡ ᠵᠠᠭᠠᠯᠳᠤᠯᠭ᠎ᠠ ᠶᠢᠨ ᠬᠡᠮᠵᠢᠶ᠎ᠡ ᠶᠡᠭᠡ ᠪᠠᠶᠢᠭ᠎ᠠ ᠭᠠᠵᠠᠷ ᠣᠷᠣᠨ ᠵᠢᠴᠢ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠭᠤᠤᠯᠳᠠᠯᠭ᠎ᠠ ᠲᠠᠢ ᠪᠠᠷ ᠰᠢᠮᠳᠠᠭᠤᠯᠤᠨ ᠪᠠᠶᠢᠴᠠᠭᠠᠨ᠎ᠠ︔ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠰᠡᠨ ᠠᠰᠠᠭᠤᠳᠠᠯ ᠬᠦᠨᠳᠦ ᠨᠣᠴᠢᠲᠠᠶ ᠭᠠᠵᠠᠷ ᠤᠷᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ︔ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠬᠦᠴᠦᠲᠡᠶ ᠪᠤᠰᠤ᠂ ᠬᠤᠯᠪᠣᠭᠳᠠᠯ ᠪᠦᠬᠦᠢ ᠳᠦᠷᠢᠮ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠵᠤᠬᠢᠰ ᠦᠭᠡᠢ ᠰᠢᠢᠳᠪᠦᠷᠢᠯᠡᠭᠰᠡᠨ ᠠᠴᠠ ᠪᠤᠯᠵᠤ ᠣᠯᠠᠨ ᠨᠡᠶᠢᠲᠡ ᠶᠢᠨ ᠴᠢᠨᠠᠷᠲᠠᠶ ᠬᠡᠷᠡᠭ ᠢ ᠡᠭᠦᠰᠭᠡᠭᠰᠡᠨ ᠪᠤᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠣᠯᠤᠨ  ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ  ᠨᠡᠬᠡᠮᠵᠢᠯᠡᠨ᠎ᠡ︔ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠪᠠᠶᠢᠪᠠᠯ ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ  ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠤᠨ᠎ᠡ      ︵ᠲᠦᠷᠪᠡ︶ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ᠂ ᠬᠢᠨᠠᠨ ᠵᠥᠪᠰᠢᠶᠡᠷᠡᠬᠦ ᠪᠠ ᠪᠠᠷᠢᠯᠭ᠎ᠠ ᠪᠠᠷᠢᠬᠤ ᠵᠥᠪᠰᠢᠶᠡᠷᠡᠯ ᠶᠢᠨ ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ᠪᠠᠷ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠢᠷᠤᠮ ᠶᠢ ᠴᠢᠩᠭ᠎ᠠ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠥᠬᠡᠶ᠂ ᠲᠦᠰᠢᠭ ᠪᠠᠷᠢᠬᠤ᠂ ᠬᠡᠰᠡᠭᠯᠡᠨ ᠳᠠᠭᠠᠭᠠᠴᠢᠯᠠᠭᠤᠯᠬᠤ ᠂ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠬᠤ ᠵᠡᠷᠭᠡ ᠪᠠᠶᠢᠳᠠᠯ ᠳᠤ ᠴᠥᠮ ᠪᠠᠷᠢᠯᠭ᠎ᠠ ᠪᠠᠷᠢᠬᠤ ᠵᠥᠪᠰᠢᠶᠡᠷᠡᠯ ᠣᠯᠭᠤᠬᠤ ᠦᠭᠡᠢ᠃ ᠪᠥᠲᠥᠭᠡᠨ ᠪᠠᠶᠢᠭᠤᠯᠬᠤ ᠨᠢᠭᠡᠴᠡ ᠶᠢᠨ ᠤᠷᠢᠳᠠᠪᠠᠷ ᠠᠵᠢᠯ ᠡᠬᠢᠯᠡᠭᠦᠯᠵᠦ ᠳᠠᠷᠠᠭ᠎ᠠ ᠪᠠᠷ ᠨᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ  ᠶᠢ ᠴᠢᠩᠭ᠎ᠠ ᠴᠠᠭᠠᠵᠠᠯᠠᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠳᠠᠭᠠᠭᠠᠴᠢᠯᠠᠯᠲᠠ ᠬᠦᠯᠢᠶᠡᠬᠦ ᠨᠢᠭᠡᠴᠡ  ᠶᠢᠨ ᠢᠲᠡᠭᠡᠮᠵᠢ ᠶᠢᠨ ᠮᠡᠳᠡᠭᠡ ᠵᠠᠩᠬᠢ ᠶᠢ ᠬᠢᠨᠠᠨ ᠪᠠᠶᠢᠴᠠᠭᠠᠬᠤ ᠲᠦᠷᠢᠮ ᠢ ᠬᠢᠨᠠᠮᠠᠭᠠᠢ ᠬᠡᠷᠡᠭᠵᠢᠬᠦᠯᠵᠦ᠂ ᠶᠡᠷᠦ ᠶᠢᠨ ᠢᠲᠡᠭᠡᠯ ᠢᠶᠠᠨ ᠠᠯᠳᠠᠭᠰᠠᠨ ᠪᠠᠶᠢᠪᠠᠯ ᠢᠲᠡᠭᠡᠮᠵᠢ ᠶᠢ ᠨᠢ ᠮᠡᠳᠡᠭᠦᠯᠵᠦ᠂ ᠦᠨᠡᠨᠴᠢ ᠰᠢᠳᠤᠷᠭᠤ ᠪᠠᠷ ᠪᠣᠯᠵᠣᠨ ᠶᠠᠷᠢᠯᠴᠠᠬᠤ ᠪᠠᠷ ᠵᠠᠯᠬᠠᠭᠠᠨ ᠴᠡᠭᠡᠷᠯᠡᠭᠦᠯᠦᠨ᠎ᠡ︔ ᠨᠡᠯᠢᠶᠡᠳ ᠬᠦᠨᠳᠦ ᠢᠲᠡᠭᠡᠯ ᠢᠶᠠᠨ ᠠᠯᠳᠠᠭᠰᠠᠨ ᠪᠠᠶᠢᠪᠠᠯ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠢᠨᠠᠨ ᠲᠣᠭᠲᠠᠭᠠᠬᠤ ᠦᠶ᠎ᠡ ᠳᠤ ᠬᠤᠪᠢ ᠬᠠᠰᠤᠨ᠎ᠠ︔ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ᠂ 3 ᠵᠢᠯ ᠤᠨ ᠳᠣᠲᠣᠷ᠎ᠠ ᠢᠲᠡᠭᠡᠮᠵᠢ ᠪᠠᠨ ᠰᠡᠷᠭᠦᠭᠡᠭᠰᠡᠨ ᠦᠭᠡᠢ ᠪᠠᠶᠢᠪᠠᠯ᠂ ᠲᠤᠰ ᠭᠠᠵᠠᠷ ᠣᠷᠣᠨ ᠤ  ᠪᠠᠷᠢᠯᠭ᠎ᠠ ᠵᠢᠨ‌‍ᠲ᠋ᠥ᠋ᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠤᠷᠤᠯᠴᠠᠬᠤ ᠶᠢ ᠴᠢᠩᠭ᠎ᠠ ᠬᠢᠵᠠᠭᠠᠷᠯᠠᠨ᠎ᠠ᠃      ︵ᠲᠠᠪᠤ︶ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ  ᠴᠢᠩᠭᠠᠳᠬᠠᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ  ᠲᠦᠷᠦᠯ ᠵᠦᠢᠯ ᠤᠨ ᠬᠢᠨᠠᠨ ᠵᠥᠪᠰᠢᠶᠡᠷᠡᠬᠦ ᠪᠠ ᠪᠡᠯᠡ ᠮᠦᠩᠬᠦ ᠶᠢᠨ ᠬᠠᠮᠢᠶᠠᠷᠤᠯᠲᠠ ᠶᠢ  ᠴᠢᠩᠭᠠᠳᠬᠠᠨ᠎ᠠ᠂ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠳᠡ ᠨᠠᠶᠢᠳᠠᠪᠤᠷᠢ ᠦᠭᠡᠢ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠵᠦᠢᠯᠡᠰ ᠢ ᠴᠥᠮ ᠵᠥᠪᠰᠢᠶᠡᠷᠡᠵᠦ ᠪᠣᠯᠬᠤ ᠦᠭᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠪᠠ ᠪᠠᠷᠢᠯᠭ᠎ᠠ ᠶᠢᠨ ᠰᠦᠢᠳᠭᠡᠯ ᠢ ᠥᠷᠢᠲᠦᠵᠦ ᠪᠠᠶᠢᠭ᠎ᠠ ᠨᠢᠭᠡᠴᠡ ᠳᠤ ᠰᠢᠨ᠎ᠡ ᠲᠦᠷᠦᠯ ᠵᠦᠢᠯ ᠢ ᠡᠬᠢᠯᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠵᠦ ᠪᠣᠯᠬᠤ ᠦᠭᠡᠢ᠃ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠰᠠᠷ᠎ᠠ ᠪᠦᠷᠢ ᠲᠤᠭ᠎ᠠ ᠶᠣᠰᠣᠭᠠᠷ ᠨᠢ ᠥᠭᠬᠦ ᠬᠡᠷᠡᠭᠲᠡᠶ᠂ ᠬᠥᠮᠦᠨ ᠤ ᠬᠦᠴᠦᠨ ᠤ ᠰᠦᠢᠳᠭᠡᠯ ᠪᠣᠯᠤᠨ ᠪᠠᠷᠢᠯᠭ᠎ᠠ ᠶᠢᠨ ᠪᠤᠰᠤᠳ ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠶᠢ ᠬᠡᠷᠡᠭᠵᠢᠭᠦᠯᠬᠦ  ᠪᠠ ᠭᠡᠷ᠎ᠡ‌ᠡᠴᠡ ᠵᠥᠷᠢᠴᠡᠭᠰᠡᠨ ᠭᠡᠷ᠎ᠡ ᠶᠢ ᠵᠤᠭᠰᠤᠭᠠᠬᠤ ᠵᠡᠷᠭᠡ ᠠᠭᠤᠯᠭ᠎ᠠ ᠶᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ  ᠪᠢᠴᠢᠵᠦ ᠣᠷᠣᠭᠤᠯᠵᠤ ᠬᠡᠷᠡᠭᠲᠡᠢ᠂ ᠳᠠᠭᠠᠭᠠᠴᠢᠯᠠᠯᠲᠠ ᠶᠢ ᠦᠨᠡᠯᠡᠬᠦ ᠪᠠᠷᠢᠮᠵᠢᠶ᠎ᠠ ᠪᠤᠶᠤ ᠳᠠᠭᠠᠭᠠᠴᠢᠯᠠᠯᠲᠠ ᠤᠯᠬᠤ ᠠᠮᠠᠯᠠᠯᠲᠠ ᠪᠤᠯᠭᠠᠨ᠎ᠠ᠃      ︵ᠵᠢᠷᠭᠤᠭ᠎ᠠ︶ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ︵ᠬᠥᠳᠡᠯᠮᠦᠷᠢ ᠦᠢᠯᠡᠴᠢᠯᠡᠭᠡᠨ ᠤ ᠰᠦᠢᠳᠭᠡᠯ︶ ᠤᠨ ᠲᠤᠰᠬᠠᠶ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ︵ᠬᠥᠳᠡᠯᠮᠦᠷᠢ ᠦᠢᠯᠡᠴᠢᠯᠡᠭᠡᠨ ᠤ ᠰᠦᠢᠳᠭᠡᠯ︶ ᠤᠨ ᠲᠤᠰᠬᠠᠶ ᠲᠠᠩᠰᠠᠨ ᠡᠷᠦᠬᠡ ᠶᠢ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭ᠎ᠠ ᠭᠠᠵᠠᠷ ᠤᠨ ᠪᠠᠩᠬᠢ ᠳᠤ ᠳᠣᠭᠢᠷᠠᠭᠤᠯᠤᠨ ᠪᠠᠶᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠳᠤ ᠲᠤᠰᠬᠠᠶ ᠬᠡᠷᠡᠭᠯᠡᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠥᠮᠦᠨ ᠤ ᠬᠦᠴᠦᠨ ᠤ ᠰᠦᠢᠳᠭᠡᠯ ᠪᠣᠯᠤᠨ ᠪᠠᠷᠢᠯᠭ᠎ᠠ ᠶᠢᠨ ᠪᠤᠰᠤᠳ ᠰᠦᠢᠳᠭᠡᠯ ᠢ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠳᠤ ᠤᠷᠢᠳᠴᠢᠯᠠᠨ ᠵᠠᠷᠤᠴᠠᠭᠤᠯᠬᠤ ︵ᠬᠥᠳᠡᠯᠮᠦᠷᠢ ᠦᠢᠯᠡᠴᠢᠯᠡᠭᠡᠨ ᠤ ᠰᠦᠢᠳᠭᠡᠯ︶  ᠮᠦᠩᠬᠦ ᠶᠢ ᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠣᠳᠠᠲᠠᠶ ᠲᠠᠩᠰᠠ ᠪᠠᠶᠢᠭᠤᠯᠬᠤ ᠬᠠᠷᠢᠴᠠᠯ ᠢ ᠪᠠᠷᠢᠯᠭ᠎ᠠ ᠶᠢᠨ ᠶᠡᠷᠦᠩᠬᠡᠶ ᠦᠢᠯᠡᠳᠬᠦ ᠦᠨ᠎ᠡ ᠶᠢᠨ 30 %   ᠪᠠᠷ ᠲᠣᠭᠲᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠭᠬᠦ ᠳᠤ ᠲᠤᠰᠬᠠᠶ ᠬᠡᠷᠡᠭᠯᠡᠨ᠎ᠡ ︵ᠬᠥᠳᠡᠯᠮᠦᠷᠢ ᠦᠢᠯᠡᠴᠢᠯᠡᠭᠡᠨ ᠤ ᠰᠦᠢᠳᠬᠡᠯ︶᠃ ᠪᠣᠢ ᠪᠦᠬᠦᠢ ᠲᠦᠷᠥᠯ ᠵᠦᠢᠯ ᠤᠨ ᠪᠥᠲᠥᠭᠡᠨ ᠪᠠᠶᠢᠭᠤᠯᠬᠤ ᠨᠢᠭᠡᠴᠡ ᠴᠥᠮ ᠪᠠᠷᠢᠯᠭ᠎ᠠ ᠶᠢᠨ ᠠᠵᠢᠯ ᠢ ᠳᠠᠭᠠᠭᠠᠴᠢᠯᠠᠬᠤ ᠭᠡᠷ᠎ᠡ ᠳᠤ ᠪᠣᠯᠵᠣᠨ ᠲᠣᠭᠲᠠᠭᠰᠠᠨ ᠬᠠᠷᠢᠴᠠᠯ ᠪᠠ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠤᠨ ᠪᠠᠶᠢᠭᠤᠯᠤᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ  ᠴᠠᠯᠢᠩ ᠤᠨ ᠲᠠᠩᠰᠠᠨ ᠡᠷᠦᠬᠡ ᠳᠤ ᠬᠠᠷᠢᠶ᠎ᠠ ᠭᠠᠵᠠᠷ ᠤᠨ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠳᠠᠩᠰᠠ ᠪᠠᠶᠢᠭᠤᠯᠤᠭᠰᠠᠨ ᠪᠠᠩᠬᠢ ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠤ  ᠴᠠᠯᠢᠩ ᠤᠨ ᠲᠤᠰᠬᠠᠶ ᠳᠠᠩᠰᠠᠨ ᠡᠷᠦᠬᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠂ ᠨᠡᠭᠦᠯᠭᠡᠨ ᠬᠡᠷᠡᠭᠯᠡᠭᠰᠡᠨ ᠵᠡᠷᠭᠡ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠷᠢᠶ᠎ᠠ ᠭᠠᠵᠠᠷ ᠤᠨ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ  ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠲᠤᠰᠬᠠᠶ ᠮᠥᠩᠭᠦ ᠶᠢ ᠲᠤᠰᠬᠠᠶ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠠᠰ ᠲᠤᠨᠢ ᠲᠠᠩᠰᠠ ᠪᠠᠶᠢᠭᠤᠯᠤᠨ ᠬᠠᠮᠢᠶᠠᠷᠬᠤ ᠶᠢ ᠭᠦᠢᠴᠡᠳᠭᠡᠭᠰᠡᠨ ᠦᠭᠡᠢ ᠪᠤᠶᠤ ᠪᠠᠷᠢᠯᠭ᠎ᠠ ᠪᠠᠶᠢᠭᠤᠯᠬᠤ ᠨᠢᠭᠡᠴᠡ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ  ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠬᠥᠮᠦᠨ ᠤ ᠬᠦᠴᠦᠨ ᠤ ᠵᠠᠷᠤᠳᠠᠯ ︵ᠬᠥᠳᠡᠯᠮᠦᠷᠢ ᠦᠢᠯᠡᠴᠢᠯᠡᠭᠡᠨ ᠤ ᠰᠦᠢᠳᠬᠡᠯ︶ ᠤᠨ ᠲᠤᠰᠬᠠᠶ ᠲᠠᠩᠰᠠᠨ ᠳᠤ ᠰᠢᠯᠵᠢᠭᠦᠯᠦᠭᠰᠡᠨ ᠦᠭᠡᠢ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠭᠠᠷᠤᠭᠰᠠᠨ ᠦᠶ᠎ᠡ ᠳᠤ᠂ ᠪᠠᠷᠢᠯᠭ᠎ᠠ ᠪᠠᠶᠢᠭᠤᠯᠬᠤ ᠨᠢᠭᠡᠴᠡ ᠪᠤᠶᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠲᠦᠯᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ 2018 ᠣᠨ ᠤ ᠰᠡᠭᠦᠯᠴᠢ ᠪᠣᠯᠬᠤ ᠳᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ︵ᠬᠥᠳᠡᠯᠮᠦᠷᠢ ᠦᠢᠯᠡᠴᠢᠯᠡᠭᠡᠨ ᠤ ᠰᠦᠢᠳᠬᠡᠯ︶  ᠤᠨ ᠲᠤᠰᠬᠠᠶ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ ᠪᠠᠶᠢᠭ᠎ᠠ ᠪᠥᠬᠦ ᠪᠠᠷᠢᠯᠭ᠎ᠠ ᠶᠢᠨ ᠲᠥᠷᠥᠯ ᠵᠦᠢᠯ ᠢ ᠪᠦᠷᠬᠦᠭᠡᠨ᠎ᠡ᠃      ᠭᠤᠷᠪᠠ᠂ ᠴᠠᠯᠢᠩ ᠣᠯᠭᠤᠮᠵᠢ ᠥᠭᠬᠦ ᠶᠢ ᠬᠢᠨᠠᠨ ᠡᠵᠡᠮᠳᠡᠬᠦ ᠲᠤᠭᠲᠠᠴᠠ ᠶᠢ ᠲᠡᠭᠦᠯᠳᠡᠷᠵᠢᠭᠦᠯᠦᠨ᠎ᠡ      ︵ᠳᠣᠯᠤᠭ᠎ᠠ︶  ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠪᠠ ᠢᠨᠵᠧᠨᠧᠷᠢᠩ ᠤᠨ ᠲᠥᠷᠦᠯ ᠵᠦᠢᠯ ᠤᠨ ᠬᠡᠯᠲᠡᠰ ᠠᠴᠠ ᠬᠦᠳᠡᠯᠮᠦᠷᠢ ᠬᠥᠷᠦᠩᠭᠡ ᠶᠢᠨ ᠲᠤᠰᠬᠠᠢ ᠬᠠᠮᠢᠶᠠᠷᠤᠭᠴᠢ ᠲᠣᠬᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠪᠡᠶ᠎ᠡ ᠬᠡᠮ ᠤᠨ ᠮᠡᠳᠡᠭᠡ ᠵᠠᠩᠬᠢ ᠶᠢ ᠬᠢᠨᠠᠨ ᠬᠠᠷᠭᠤᠭᠤᠯᠵᠤ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠪᠥᠬᠦ ᠬᠦᠳᠡᠯᠮᠦᠷᠢ ᠦᠢᠯᠡᠴᠢᠯᠡᠭᠡ ᠶᠢᠨ ᠠᠵᠢᠯᠲᠠᠨ ︵ᠰᠢᠭᠤᠳ ᠡᠯᠰᠡᠨ ᠬᠡᠷᠡᠭᠯᠡᠭᠰᠡᠨ ᠪᠠ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠤᠨ ᠡᠯᠰᠡᠨ ᠬᠡᠷᠡᠭᠯᠡᠭᠰᠡᠨ ᠠᠵᠢᠯᠲᠠᠨ ᠢ ᠪᠠᠭᠲᠠᠭᠠᠨ᠎ᠠ︶ ᠢ ᠬᠡᠷᠡᠭᠯᠡᠬᠦ ᠨᠡᠷ᠎ᠡ ᠶᠢᠨ ᠪᠦᠷᠢᠳᠬᠡᠯ ᠢ ᠨᠠᠶᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠣᠷᠤᠵᠤ ᠭᠠᠷᠬᠤ᠂ ᠠᠵᠢᠯ ᠳᠤ ᠭᠠᠷᠬᠤ ᠶᠢ ᠰᠢᠯᠭᠠᠬᠤ᠂ ᠴᠠᠯᠢᠩ ᠣᠯᠭᠤᠮᠵᠢ ᠥᠭᠬᠦ ᠵᠡᠷᠭᠡ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠢᠶᠠᠷ ᠭᠠᠷ ᠤᠨ ᠦᠰᠦᠭ ᠵᠢᠷᠤᠭᠤᠯᠬᠤ ᠶᠢᠨ ᠬᠠᠮᠲᠤ 3 ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠃ ᠡᠯ᠎ᠡ ᠱᠠᠲᠤᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠠᠷᠢᠭᠤᠴᠠᠵᠤ ᠲᠤᠰ ᠠᠵᠢᠯ ᠲᠥᠷᠦᠯ ᠤᠨ ᠢᠨᠵᠧᠨᠧᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢ ᠰᠢᠮᠳᠠᠭᠤᠯᠬᠤ ᠶᠢᠨ ᠬᠠᠮᠲᠤ ᠲᠤᠰᠬᠠᠢ ᠬᠠᠮᠢᠶᠠᠷᠤᠯᠲᠠ ᠶᠢᠨ ᠡᠬᠡ ᠳᠠᠩᠰᠠ᠂ ᠳᠠᠩᠰᠠ ᠡᠪᠬᠡᠮᠡᠯ ᠭᠠᠷᠭᠠᠵᠤ᠂ 2018 ᠣᠨ ᠤ ᠵᠢᠯ ᠤᠨ ᠡᠴᠦᠰ ᠪᠣᠯᠲᠠᠯ᠎ᠠ ᠴᠦᠮ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠬᠡᠷᠡᠭᠵᠢᠭᠦᠯᠦᠭᠰᠡᠨ ᠪᠠᠶᠢᠬᠤ ᠶᠢ ᠪᠠᠲᠤᠯᠠᠬᠤ ᠬᠡᠷᠡᠭᠲᠠᠢ᠃ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠨᠡᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠤᠭᠤᠴᠠᠭ᠎ᠠ ᠶᠤᠰᠤᠭᠠᠷ ᠬᠡᠷᠡᠭᠵᠢᠭᠦᠯᠦᠭᠰᠡᠨ ᠦᠭᠡᠢ ᠪᠠᠷᠢᠯᠭ᠎ᠠ ᠶᠢᠨ ᠠᠵᠤ ᠠᠬᠤᠶᠢᠯᠠᠯ ᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠤᠭᠠᠷ ᠵᠠᠷᠯᠠᠨ ᠨᠡᠶᠢᠲᠡᠯᠡᠬᠦ᠂ ᠲᠣᠭᠲᠠᠮᠠᠯ ᠬᠤᠭᠤᠴᠠᠭ᠎ᠠ ᠲᠠᠢ ᠵᠠᠰᠠᠨ ᠴᠡᠭᠴᠡᠯᠡᠬᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠶᠢ ᠬᠢᠵᠠᠭᠠᠷᠯᠠᠬᠤ᠂《ᠬᠠᠷ᠎ᠠ ᠳᠠᠩᠰᠠ》 ᠳᠤ ᠣᠷᠤᠭᠤᠯᠬᠤ᠂ ᠵᠠᠬ᠎ᠠ ᠳᠡᠯᠭᠡᠭᠦᠷ ᠠᠴᠠ ᠭᠠᠷᠭᠠᠬᠤ ᠵᠡᠷᠭᠡ ᠠᠷᠭ᠎ᠠ ᠪᠠᠷ ᠵᠠᠯᠬᠠᠭᠠᠨ ᠰᠢᠢᠳᠬᠡᠨ᠎ᠡ᠃      ︵ᠨᠠᠢᠮᠠ︶ ᠪᠠᠩᠬᠢ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠰᠠᠷ᠎ᠠ ᠪᠠᠷ ᠣᠷᠤᠯᠠᠨ ᠲᠠᠷᠬᠠᠭᠠᠬᠤ  ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠡᠯ᠎ᠡ ᠲᠥᠷᠦᠯ ᠤᠨ ᠠᠵᠤ ᠠᠬᠤᠶᠢᠯᠠᠯ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ︵ᠬᠦᠯᠦᠰᠦᠨ ᠮᠥᠩᠭᠦ︶ ᠶᠢ ᠣᠷᠤᠯᠠᠨ ᠲᠠᠷᠬᠠᠭᠠᠬᠤ ᠶᠢ ᠪᠠᠩᠬᠢ ᠳᠤ ᠨᠠᠶᠢᠳᠠᠵᠤ᠂ ᠣᠶᠢᠷᠠᠯᠴᠠᠭ᠎ᠠ ᠪᠠᠶᠢᠬᠤ᠂ ᠲᠤᠬᠠᠢ ᠶᠢᠨ ᠭᠠᠵᠠᠷ᠂ ᠠᠳᠠᠯᠢ ᠪᠠᠶᠢᠬᠤ ᠵᠠᠷᠴᠢᠮ ᠢᠶᠠᠷ ᠲᠤᠰ ᠭᠠᠵᠠᠷ ︵ᠪᠠᠷᠢᠯᠭ᠎ᠠ ᠶᠢᠨ ᠭᠠᠵᠠᠷ︶ ᠤᠨ ᠣᠶᠢᠷᠠᠯᠴᠠᠭ᠎ᠠ ᠠᠳᠠᠯᠢ ᠨᠢᠭᠡᠨ ᠪᠠᠩᠬᠢ ᠳᠤ ᠠᠵᠤ ᠠᠬᠤᠶᠢᠯᠠᠯ ᠤᠨ ᠳᠠᠩᠰᠠ ᠪᠠ ᠴᠠᠯᠢᠩ ᠣᠯᠭᠤᠮᠵᠢ ᠣᠷᠤᠯᠠᠨ ᠲᠠᠷᠬᠠᠭᠠᠬᠤ ᠬᠤᠪᠢ ᠬᠦᠮᠦᠨ ᠤ ᠳᠠᠩᠰᠠ ︵ᠬᠠᠳᠠᠭᠠᠯᠠᠮᠵᠢ ᠶᠢᠨ ᠳᠠᠩᠰᠠ︶ ᠨᠡᠭᠡᠭᠡᠵᠤ᠂ ᠳᠠᠩᠰᠠ ᠶᠢᠨ ᠨᠡᠷ᠎ᠡ ᠪᠠᠨ《ᠬᠠᠤᠯᠢ ᠶᠢᠨ ᠡᠷᠬᠡᠲᠡᠨ ᠤ ᠨᠡᠷ᠎ᠡ + ᠲᠥᠷᠦᠯ ᠵᠦᠢᠯ ᠤᠨ ᠬᠡᠯᠲᠡᠰ ᠤᠨ ᠨᠡᠷ᠎ᠡ + ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ  ᠶᠢᠨ ᠲᠤᠰᠬᠠᠢ ᠳᠠᠩᠰᠠ》ᠪᠤᠶᠤ《 ᠬᠠᠤᠯᠢ ᠶᠢᠨ ᠡᠷᠬᠡᠲᠡᠨ ᠤ ᠨᠡᠷ᠎ᠡ + ᠴᠠᠯᠢᠩ ᠣᠯᠭᠤᠮᠵᠢ ᠶᠢᠨ ᠳᠤᠰᠬᠠᠢ ᠳᠠᠩᠰᠠ》ᠭᠡᠵᠤ ᠨᠢᠭᠡᠳᠦᠯᠲᠠᠢ ᠳᠦᠷᠢᠮᠵᠢᠭᠦᠯᠬᠦ ᠬᠡᠷᠡᠭᠲᠠᠢ᠃ ᠪᠠᠩᠬᠢ ᠲᠠᠢ ᠣᠷᠤᠯᠠᠨ ᠲᠠᠷᠬᠠᠭᠠᠬᠤ ᠬᠡᠯᠡᠯᠴᠡᠭᠡᠷ ᠲᠣᠭᠲᠠᠵᠤ᠂ ᠴᠠᠯᠢᠩ ᠣᠯᠭᠤᠮᠵᠢ ︵ᠬᠦᠯᠦᠰᠦᠨ ᠮᠥᠩᠭᠦ︶ ᠲᠠᠷᠬᠠᠭᠠᠬᠤ ᠡᠳᠣᠷ ᠰᠠᠷ᠎ᠠ᠂ ᠠᠵᠢᠯᠲᠠᠨ ᠤ ᠬᠤᠪᠢᠷᠠᠯᠲᠠ ᠶᠢᠨ ᠪᠠᠶᠢᠳᠠᠯ ᠵᠢᠴᠢ ᠲᠤᠰ ᠲᠤᠰ ᠤᠨ ᠡᠷᠬᠡ ᠡᠭᠦᠷᠭᠡ ᠪᠠᠨ ᠲᠣᠳᠤᠷᠬᠠᠶᠢᠯᠠᠨ᠎ᠠ᠃ ᠬᠤᠪᠢ ᠬᠦᠮᠦᠨ ᠤ ᠴᠠᠯᠢᠩ ᠣᠯᠭᠤᠮᠵᠢ ︵ᠬᠦᠯᠦᠰᠦᠨ ᠮᠥᠩᠭᠦ︶ ᠶᠢᠨ ᠺᠠᠷᠲ ᠪᠠᠶᠢᠭᠤᠯᠬᠤ ᠳᠤ ᠲᠤᠤᠷᠠᠬᠢ ᠠᠭᠤᠯᠭ᠎ᠠ ᠶᠢ ᠦᠨᠳᠦᠰᠦᠯᠡᠨ ᠬᠡᠷᠡᠭᠵᠢᠭᠦᠯᠦᠨ᠎ᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠵᠤ ᠠᠬᠤᠶᠢᠯᠠᠯ ᠨᠢ ᠴᠠᠯᠢᠩ ᠣᠯᠭᠤᠮᠵᠢ ᠶᠢ ᠰᠠᠷ᠎ᠠ ᠪᠦᠷᠢ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠠᠴᠢᠶᠠᠯᠠᠭᠰᠠᠨ ᠪᠠᠩᠬᠢ ᠶᠢᠨ ᠳᠠᠩᠰᠠᠨ ᠳᠤ ᠣᠷᠤᠭᠤᠯᠵᠤ᠂ ᠬᠤᠪᠢ ᠬᠦᠮᠦᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠪᠠᠩᠬᠢ ᠪᠠᠷ ᠳᠠᠮᠵᠢᠨ ᠴᠠᠯᠢᠩ ᠣᠯᠭᠤᠮᠵᠢ ᠠᠪᠴᠤ ᠪᠤᠯᠤᠨ᠎ᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠬᠡᠪᠴᠢᠶᠡᠨ ᠳᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠦᠭᠡᠢ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠪᠠᠷᠢᠯᠭ᠎ᠠ ᠶᠢᠨ ᠠᠵᠤ ᠠᠬᠤᠶᠢᠯᠠᠯ ᠠᠴᠠ ᠬᠠᠷᠢᠭᠤᠴᠠᠨ ᠴᠠᠯᠢᠩ ᠣᠯᠭᠤᠮᠵᠢ ᠶᠢᠨ ᠪᠠᠩᠬᠢ ᠶᠢᠨ ᠺᠠᠷᠲ ᠨᠡᠭᠡᠭᠡᠵᠤ ᠥᠭᠬᠦ ᠶᠢᠨ ᠬᠠᠮᠲᠤ ᠪᠠᠩᠬᠢ ᠠᠴᠠ ᠰᠠᠷ᠎ᠠ ᠪᠦᠷᠢ ᠴᠠᠯᠢᠩ ᠣᠯᠭᠤᠮᠵᠢ ᠶᠢ ᠣᠷᠤᠯᠠᠨ ᠲᠠᠷᠬᠠᠭᠠᠨ᠎ᠠ᠃ ᠠᠵᠢᠯᠯᠠᠭᠰᠠᠨ ᠬᠤᠭᠤᠴᠠᠭ᠎ᠠ 1 ᠰᠠᠷ᠎ᠠ ᠬᠦᠷᠬᠦ ᠦᠭᠡᠢ ᠣᠬᠤᠷ ᠬᠤᠭᠤᠴᠠᠭᠠᠨ ᠤ ᠪᠤᠶᠤ ᠲᠦᠷ ᠴᠠᠭ ᠤᠨ ᠠᠵᠢᠯᠴᠢᠨ ᠤ ᠴᠠᠯᠢᠩ ᠣᠯᠭᠤᠮᠵᠢ ᠶᠢ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭᠠᠬᠢ 5 ᠠᠵᠢᠯᠯᠠᠬᠤ ᠡᠳᠤᠷ ᠤᠨ ᠳᠣᠲᠤᠷ᠎ᠠ ᠪᠣᠳᠤᠵᠤ ᠳᠠᠭᠤᠰᠬᠠᠬᠤ ᠪᠤᠶᠤ ᠡᠳᠤᠷ ᠢᠶᠠᠷ ᠴᠠᠯᠢᠩ ᠣᠯᠭᠤᠮᠵᠢ ᠥᠭᠬᠦ ᠬᠡᠷᠡᠭᠲᠠᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ︵ᠬᠥᠯᠦᠰᠦᠨ ᠮᠥᠩᠭᠦ︶ ᠶᠢ ᠪᠠᠩᠬᠢ ᠠᠴᠠ ᠰᠠᠷ᠎ᠠ ᠪᠠᠷ ᠣᠷᠤᠯᠠᠨ ᠥᠭᠬᠦ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠦᠭᠡᠢ ᠠᠵᠤ ᠠᠬᠤᠶᠢᠯᠠᠯ ᠢ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠬᠦᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠤᠨ ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠠ ᠪᠠᠶᠢᠴᠠᠭᠠᠬᠤ ᠡᠳᠡᠬᠡᠳ ᠪᠤᠯᠭᠠᠵᠤ᠂ ᠲᠠᠷᠤᠢ ᠲᠦᠷᠭᠡᠨ ᠠᠵᠢᠯ  ᠵᠣᠭᠰᠤᠭᠠᠬᠤ᠂ ᠬᠤᠭᠤᠴᠠᠭ᠎ᠠ ᠶᠤᠰᠤᠭᠠᠷ ᠵᠠᠰᠠᠨ ᠴᠡᠭᠴᠡᠯᠡᠬᠦ᠂《ᠬᠠᠷ᠎ᠠ ᠳᠠᠩᠰᠠ》 ᠳᠤ ᠣᠷᠤᠭᠤᠯᠬᠤ ᠵᠡᠷᠭᠡ ᠠᠷᠭ᠎ᠠ ᠠᠪᠴᠠᠯ ᠢᠶᠠᠷ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠤᠭᠠᠷ ᠰᠢᠢᠳᠪᠦᠷᠢᠯᠡᠨ᠎ᠡ᠃       ︵ᠶᠢᠰᠦ︶ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠪᠠ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠴᠦᠮ《ᠦᠪᠡᠷᠲᠡᠭᠡᠨ ᠵᠠᠰᠠᠬᠤ ᠣᠷᠤᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠷᠭ᠎ᠠ》 ᠶᠢ ᠦᠨᠳᠦᠰᠦᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠪᠠᠲᠤᠯᠠᠭ᠎ᠠ ᠶᠢᠨ ᠮᠥᠩᠭᠦ ᠶᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠠ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠲᠤᠰ ᠪᠦᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠦᠯ ᠵᠦᠢᠯ ᠢᠶᠠᠷ ᠨᠢᠭᠡᠴᠢ ᠪᠣᠯᠭᠠᠨ‌‍ᠲ᠋ᠤᠰᠢᠶᠠᠨ᠎ᠠ  ︔ ᠢᠨᠵᠧᠨᠧᠷᠢᠩ ᠳᠣᠮᠳᠠ ᠬᠠᠳᠠᠭᠰᠠᠨ ᠦᠨ᠎ᠡ ᠨᠢ 1000 ᠲᠦᠮᠡ ᠠᠴᠠ ᠪᠠᠭ᠎ᠠ ᠪᠠᠶᠢᠪᠠᠯ᠂ ᠲᠤᠰ ᠪᠦᠷᠢ ᠢᠨᠵᠧᠨᠧᠷᠢᠩ ᠤᠨ ᠦᠨ᠎ᠡ ᠶᠢᠨ 15% ᠪᠠᠷ ᠲᠤᠰᠢᠶᠠᠨ᠎ᠠ︔ ᠢᠨᠵᠧᠨᠧᠷᠢᠩ ᠳᠣᠮᠳᠠ ᠬᠠᠳᠠᠭᠰᠠᠨ ᠦᠨ᠎ᠡ ᠨᠢ 1000 ᠲᠦᠮᠡ ᠠᠴᠠ ᠶᠡᠭᠡ ᠪᠠᠶᠢᠪᠠᠯ᠂ ᠲᠤᠰ ᠪᠦᠷᠢ ᠢᠨᠵᠧᠨᠧᠷᠢᠩ ᠤᠨ ᠦᠨ᠎ᠡ ᠶᠢᠨ 1% ᠪᠠᠷ ᠲᠤᠰᠢᠶᠠᠨ᠎ᠠ᠃ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠪᠠᠷᠢᠯᠭ᠎ᠠ ᠪᠠᠷᠢᠬᠤ ᠵᠦᠪᠰᠢᠶᠡᠷᠡᠯ ᠤᠨ ᠡᠷᠬᠡ ᠣᠯᠭᠤᠬᠤ ᠠᠴᠠ ᠡᠮᠦᠨᠡᠬᠢ ᠶᠠᠪᠤᠴᠠ ᠪᠣᠯᠭᠠᠵᠤ᠂ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠲᠤᠭ᠎ᠠ ᠶᠤᠰᠤᠭᠠᠷ ᠬᠤᠷᠢᠶᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠲᠤᠰᠢᠶᠠᠭᠰᠠᠨ ᠨᠠᠷᠢᠨ ᠳᠠᠩᠰᠠ ᠪᠠᠶᠢᠭᠤᠯᠬᠤ ᠶᠢᠨ ᠬᠠᠮᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ ᠪᠠᠶᠢᠭ᠎ᠠ ᠪᠠᠶᠢᠳᠠᠯ ᠢ ᠤᠯᠠᠷᠢᠯ ᠢᠶᠠᠷ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠤ ᠮᠡᠳᠡᠭᠦᠯᠦᠨ᠎ᠡ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠲᠣᠭᠲᠠᠭᠠᠯ ᠶᠣᠰᠤᠭᠠᠷ ᠲᠤᠰᠢᠶᠠᠭᠰᠠᠨ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠳᠤ ᠢᠨᠵᠧᠨᠧᠷᠢᠩ ᠤᠨ ᠲᠥᠷᠦᠯ ᠵᠦᠢᠯ ᠤᠨ ᠪᠠᠷᠢᠯᠭ᠎ᠠ ᠪᠠᠷᠢᠬᠤ ᠵᠦᠪᠰᠢᠶᠡᠷᠡᠯ ᠣᠯᠭᠤᠬᠤ ᠦᠭᠡᠢ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭᠠᠨ ᠤ ᠮᠥᠩᠭᠦ ᠶᠢ ᠬᠡᠷᠡᠭᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠴᠢᠬᠤᠯᠠ ᠲᠠᠢ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠳᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠬᠡᠷᠡᠭᠯᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠭᠦᠭᠰᠡᠨ ᠤ ᠲᠠᠷᠠᠭᠠᠬᠢ 20 ᠡᠳᠤᠷ ᠤᠨ ᠲᠣᠲᠤᠷ᠎ᠠ᠂ ᠪᠥᠲᠦᠭᠡᠨ ᠪᠠᠶᠢᠭᠤᠯᠤᠯᠲᠠ ᠶᠢᠨ ᠨᠢᠭᠡᠴᠡ ᠪᠠ ᠪᠠᠷᠢᠯᠭ᠎ᠠ ᠪᠠᠷᠢᠬᠤ ᠠᠵᠤ ᠠᠬᠤᠶᠢᠯᠠᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠲᠤᠭ᠎ᠠ ᠶᠣᠰᠤᠭᠠᠷ ᠨᠥᠬᠦᠵᠤ ᠪᠠᠲᠤᠯᠠᠭ᠎ᠠ ᠶᠢᠨ ᠮᠥᠩᠭᠦ ᠶᠢᠨ ᠪᠠᠩᠬᠢ ᠶᠢᠨ ᠲᠤᠰᠬᠠᠢ ᠺᠠᠷᠲ ᠲᠤᠳᠤᠷ᠎ᠠ ᠬᠠᠳᠠᠭᠠᠯᠠᠵᠤ ᠲᠠᠯᠪᠢᠬᠤ ᠬᠡᠷᠡᠭᠲᠠᠢ᠃ ᠬᠠᠳᠠᠭᠠᠯᠠᠬᠤ ᠵᠣᠬᠢᠰᠲᠠᠢ ᠪᠠᠲᠤᠯᠠᠭ᠎ᠠ ᠶᠢᠨ ᠮᠥᠩᠭᠦ ᠶᠢ ᠬᠠᠳᠠᠭᠠᠯᠠᠭᠰᠠᠨ ᠦᠭᠡᠢ ᠳᠤ ᠬᠦᠷᠪᠡᠯ᠂ ᠬᠤᠲᠠ ᠬᠥᠳᠡᠭᠡ ᠶᠢᠨ ᠪᠥᠲᠦᠭᠡᠨ  ᠪᠠᠶᠢᠭᠤᠯᠤᠯᠲᠠ ᠶᠢᠨ ᠰᠠᠯᠠᠭ᠎ᠠ ᠮᠦᠴᠢᠷ ᠪᠠ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠠᠵᠢᠯ ᠵᠣᠭᠰᠤᠭᠠᠨ᠎ᠠ᠃ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠶᠢ ᠭᠤᠶᠤᠴᠢᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ ᠪᠠᠷᠢᠯᠭ᠎ᠠ ᠶᠢᠨ ᠠᠬᠤᠢ ᠲᠠᠯᠠᠪᠠᠢ ᠳᠤ ᠵᠠᠷ ᠨᠠᠭᠠᠬᠤ ᠶᠢᠨ ᠬᠠᠮᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠷᠢᠲᠦᠭᠰᠡᠨ ᠦᠭᠡᠢ ᠪᠠᠶᠢᠬᠤ ᠶᠢ ᠬᠢᠨᠠᠨ ᠬᠠᠷᠭᠤᠭᠤᠯᠵᠤ ᠪᠠᠷᠠᠭᠰᠠᠨ  ᠤ ᠳᠠᠷᠠᠭ᠎ᠠ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠪᠤᠴᠠᠭᠠᠬᠤ ᠭᠠᠷ ᠭᠦᠢᠴᠡᠳᠬᠡᠯ ᠬᠢᠵᠤ ᠪᠣᠯᠤᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠬᠤᠷᠢᠶᠠᠨ ᠠᠪᠤᠭᠰᠠᠨ ᠨᠢᠭᠡᠴᠡ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠡᠳ᠋ ᠤᠨ ᠵᠠᠰᠠᠭ᠂ ᠬᠢᠨᠠᠨ ᠪᠣᠳᠤᠯᠲᠠ ᠶᠢᠨ ᠰᠠᠯᠠᠭ᠎ᠠ ᠮᠦᠴᠢᠷ ᠤᠨ ᠬᠢᠨᠠᠯᠲᠠ ᠶᠢ ᠬᠦᠯᠢᠶᠡᠵᠤ᠂ ᠲᠤᠰᠬᠠᠢ ᠵᠣᠭᠤᠰ ᠢ ᠲᠤᠰᠬᠠᠢ ᠬᠡᠷᠡᠭᠯᠡᠵᠤ᠂ ᠨᠡᠭᠦᠯᠭᠡᠨ ᠬᠡᠷᠡᠭᠯᠡᠬᠦ ᠶᠢ ᠰᠡᠷᠭᠡᠶᠢᠯᠡᠨ᠎ᠡ᠃ ᠳᠦᠷᠢᠮ ᠠᠴᠠ ᠵᠦᠷᠢᠴᠡᠵᠤ ᠴᠠᠯᠢᠩ ᠣᠯᠭᠤᠮᠵᠢ ᠶᠢᠨ ᠪᠠᠲᠤᠯᠠᠭ᠎ᠠ ᠶᠢᠨ ᠮᠥᠩᠭᠦ ᠶᠢ ᠬᠡᠷᠡᠭᠯᠡᠭᠡᠳ ᠬᠤᠬᠢᠷᠠᠯ ᠭᠠᠷᠭᠠᠪᠠᠯ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠡᠯ᠎ᠡ ᠱᠠᠲᠤᠨ ᠤ ᠵᠠᠰᠠᠭ ᠤᠨ ᠣᠷᠳᠤᠨ ᠠᠴᠠ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠬᠤᠲᠠ ᠶᠢᠨ ᠲᠤᠰ ᠱᠠᠲᠤᠨ ᠤ ᠬᠢ 1000 ᠲᠦᠮᠡᠨ ᠲᠥᠭᠦᠷᠢᠭ ᠠᠴᠠ ᠳᠡᠭᠡᠭᠰᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠲᠣᠬᠢᠷᠠᠭᠤᠯᠵᠤ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠠᠶᠢᠳᠠᠯ ᠢᠶᠠᠨ ᠦᠨᠳᠦᠰᠦᠯᠡᠨ 200 —1000 ᠲᠥᠮᠡᠨ ᠲᠥᠭᠦᠷᠢᠭ ᠤᠨ ᠬᠤᠭᠤᠷᠤᠨᠳᠤ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠲᠣᠬᠢᠷᠠᠭᠤᠯᠬᠤ ᠶᠢᠨ ᠬᠠᠮᠲᠤ ᠵᠢᠯ ᠤᠨ ᠪᠥᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠮᠵᠢᠶ᠎ᠡ ᠪᠠ ᠳᠡᠭᠡᠷ᠎ᠡ ᠵᠢᠯ ᠤᠨ ᠴᠠᠯᠢᠩ ᠣᠯᠭᠤᠮᠵᠢ ᠦᠷᠢᠲᠦᠭᠰᠡᠨ ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠤᠨ᠎ᠡ᠃ ᠣᠷᠤᠯᠠᠨ ᠥᠭᠭᠦᠭᠰᠡᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ ᠲᠥᠯᠦᠪᠦᠷᠢ ᠶᠢ《ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ》 ᠶᠢ ᠦᠨᠳᠦᠰᠦᠯᠡᠨ ᠨᠡᠬᠡᠮᠵᠢᠯᠡᠨ᠎ᠡ᠃      ︵ᠠᠷᠪᠠ︶ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠬᠦᠳᠡᠯᠦᠩᠭᠦᠢ ᠪᠠᠷ ᠬᠢᠨᠠᠨ ᠬᠠᠮᠢᠶᠠᠷᠤᠨ᠎ᠠ᠃ ᠪᠥᠬᠦ ᠬᠤᠲᠠ ᠶᠢᠨ ᠬᠡᠪᠴᠢᠶᠡᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ《ᠨᠠᠷᠢᠨ ᠳᠠᠩᠰᠠ ᠶᠢᠨ ᠬᠠᠮᠢᠶᠠᠷᠤᠯᠲᠠ》 ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤᠬᠠᠢ ᠶᠢᠨ ᠭᠠᠵᠠᠷ ᠤᠨ ᠢᠶᠠᠨ ᠲᠣᠲᠤᠭᠠᠳᠤ ᠶᠢᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠨᠠᠷᠢᠨ ᠳᠠᠩᠰᠠ ᠪᠠᠶᠢᠭᠤᠯᠵᠤ᠂ ᠵᠢᠯ ᠪᠣᠯᠭᠠᠨ ᠤ 5 ᠳ᠋ᠤᠭᠠᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ ᠡᠴᠦᠰ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠪᠠ ᠠᠵᠢᠯᠴᠢᠨ ᠤ ᠵᠦᠪᠯᠡᠯ ᠳᠤ ᠰᠢᠨ᠎ᠡ ᠪᠠᠷ ᠠᠵᠢᠯ ᠡᠬᠢᠯᠡᠭᠰᠡᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠪᠠᠶᠢᠳᠠᠯ ᠢ ᠮᠡᠳᠡᠭᠦᠯᠵᠤ᠂ ᠣᠯᠠᠨ ᠰᠠᠯᠠᠭ᠎ᠠ ᠮᠦᠴᠢᠷ ᠠᠴᠠ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠴᠠᠯᠢᠩ ᠣᠯᠭᠤᠮᠵᠢ ᠥᠭᠬᠦ ᠮᠡᠳᠡᠭᠡ ᠵᠠᠩᠬᠢᠴᠢᠯᠠᠭᠰᠠᠨ ᠬᠦᠳᠡᠯᠦᠩᠭᠦᠢ ᠬᠢᠨᠠᠨ ᠬᠠᠮᠢᠶᠠᠷᠤᠯᠲᠠ ᠶᠢ ᠠᠭᠠᠵᠢᠮ ᠢᠶᠠᠷ ᠪᠡᠶᠡᠯᠡᠭᠦᠯᠦᠨ᠎ᠡ᠃ ᠡᠳᠤᠷ ᠳᠣᠲᠤᠮ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂《ᠬᠡᠨ ᠭᠤᠣᠯᠯᠠᠨ ᠬᠠᠮᠢᠶᠠᠷᠪᠠᠯ᠂ ᠬᠡᠨ ᠬᠠᠷᠢᠭᠤᠴᠠᠬᠤ》ᠵᠠᠷᠴᠢᠮ ᠶᠤᠰᠤᠭᠠᠷ᠂ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠦᠷᠦᠭᠦᠯᠡᠨ᠂ ᠦᠷᠢᠲᠦᠬᠦ ᠶᠢ ᠵᠠᠰᠠᠵᠤ ᠴᠠᠯᠢᠩ ᠣᠯᠭᠤᠮᠵᠢ ᠥᠭᠬᠦ ᠶᠢ ᠪᠠᠲᠤᠯᠠᠬᠤ ᠪᠦᠷᠢᠯᠳᠦᠭᠦᠨ ᠨᠢᠭᠡᠴᠡ ᠬᠠᠮᠵᠢᠯᠴᠠᠵᠣ᠂ ᠲᠤᠰ ᠭᠠᠵᠠᠷ ᠣᠷᠣᠨ ᠤ ᠳᠣᠲᠤᠷᠠᠬᠢ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠴᠠᠯᠢᠩ ᠣᠯᠭᠤᠮᠵᠢ ᠥᠭᠴᠦ ᠪᠠᠶᠢᠭ᠎ᠠ ᠪᠠᠶᠢᠳᠠᠯ ᠢ ᠣᠯᠠᠷᠢᠯ ᠪᠣᠯᠭᠠᠨ‌ᠠᠳᠠᠭ ᠲᠠᠭᠠᠨ 1 ᠤᠳᠠᠭ᠎ᠠ ᠬᠤᠯᠪᠤᠭᠠᠯᠠᠨ ᠳᠣᠭᠤᠷᠢᠨ ᠪᠠᠶᠢᠴᠠᠭᠠᠵᠤ᠂ ᠴᠠᠯᠢᠩ ᠣᠯᠭᠤᠮᠵᠢ ᠦᠷᠢᠲᠦᠭᠰᠡᠨ ᠪᠠᠶᠢᠳᠠᠯ ᠢᠯᠡᠷᠡᠭᠰᠡᠨ ᠪᠠ ᠴᠠᠯᠢᠩ ᠣᠯᠭᠤᠮᠵᠢ ᠦᠷᠢᠲᠦᠬᠦ ᠳᠠᠯᠳᠠ ᠭᠡᠮ ᠣᠷᠤᠰᠢᠵᠤ ᠪᠠᠶᠢᠬᠤ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠭᠤᠣᠯᠳᠠᠯᠭ᠎ᠠ  ᠲᠠᠢ ᠬᠢᠨᠠᠨ ᠡᠵᠡᠮᠳᠡᠵᠤ᠂ ᠰᠠᠷ᠎ᠠ ᠪᠦᠷᠢ ᠠᠳᠠᠭ ᠲᠠᠭᠠᠨ 1 ᠤᠳᠠᠭ᠎ᠠ ᠲᠣᠭᠤᠷᠢᠨ ᠪᠠᠶᠢᠴᠠᠭᠠᠨ᠎ᠠ᠃ ᠲᠣᠭᠤᠷᠢᠨ ᠪᠠᠶᠢᠴᠠᠭᠠᠯᠲᠠ ᠳᠣᠮᠳᠠ ᠢᠯᠡᠷᠡᠭᠦᠯᠦᠭᠰᠡᠨ ᠠᠰᠠᠭᠤᠳᠠᠯ ᠢ ᠦᠪᠡᠷ ᠤᠨ ᠡᠭᠦᠷᠭᠡ ᠲᠤᠰᠢᠶᠠᠯ ᠢᠶᠠᠨ ᠦᠨᠳᠦᠰᠦᠯᠡᠨ ᠬᠠᠣᠯᠢ ᠪᠠᠷ ᠰᠢᠢᠳᠪᠦᠷᠢᠯᠡᠨ᠎ᠡ᠃      ᠳᠥᠷᠪᠡ  ᠂ ᠢᠳᠡᠬᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ      ︵ᠠᠷᠪᠠᠨ ᠨᠢᠭᠡ︶ ᠴᠠᠯᠢᠩ ᠣᠯᠭᠤᠮᠵᠢ ᠶᠢ ᠦᠷᠢᠲᠦᠬᠦ ᠠᠵᠢᠯᠯᠠᠭ᠎ᠠ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠦᠨ᠎ᠡ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ ᠨᠢᠭᠡᠴᠡ ᠳᠤ᠂ ᠬᠠᠤᠯᠢ ᠠᠴᠠ ᠵᠦᠷᠢᠴᠡᠭᠰᠡᠨ ᠪᠠᠶᠢᠳᠠᠯ ᠢ ᠦᠨᠳᠦᠰᠦᠯᠡᠨ ᠢᠳᠡᠬᠡᠮᠵᠢ ᠶᠢᠨ ᠳᠠᠩᠰᠠ ᠡᠪᠬᠡᠮᠡᠯ ᠪᠠᠶᠢᠭᠤᠯᠵᠤ᠂ ᠢᠯᠡ ᠪᠠᠷ ᠵᠠᠷᠯᠠᠨ ᠨᠡᠶᠢᠲᠡᠯᠡᠬᠦ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃《ᠬᠠᠰᠤᠵᠤ ᠠᠪᠬᠤ᠂ ᠰᠢᠯᠲᠠᠭᠠᠨ ᠦᠭᠡᠢ ᠪᠠᠷ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠷᠢᠲᠦᠵᠤ᠂ ᠲᠤᠭ᠎ᠠ ᠬᠡᠮᠵᠢᠶ᠎ᠡ ᠨᠢ ᠬᠦᠳᠡᠯᠮᠦᠷᠢ ᠶᠢᠨ ᠬᠦᠯᠤᠰᠤ ᠣᠯᠭᠤᠮᠵᠢ ᠶᠢ ᠥᠭᠬᠦ ᠶᠢ ᠲᠡᠪᠴᠢᠭᠰᠡᠨ ᠶᠠᠯ᠎ᠠ ᠶᠢᠨ ᠪᠠᠷᠢᠮᠵᠢᠶ᠎ᠠ ᠳᠤ ᠬᠦᠷᠦᠭᠰᠡᠨ》ᠪᠠ《ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ ᠠᠴᠠ  ᠣᠯᠠᠨ ᠨᠡᠶᠢᠲᠡ ᠶᠢᠨ ᠴᠢᠨᠠᠷᠲᠠᠢ ᠬᠡᠷᠡᠭ᠂ ᠬᠡᠳᠦᠷᠡᠮᠡᠬᠡᠢ ᠬᠡᠷᠡᠭ ᠭᠠᠷᠴᠤ ᠬᠦᠨᠳᠦ ᠨᠣᠴᠢᠲᠠᠢ ᠨᠡᠶᠢᠭᠡᠮ ᠤᠨ ᠮᠠᠭᠤ ᠨᠥᠯᠦᠭᠡ ᠡᠭᠦᠰᠬᠡᠭᠰᠡᠨ》ᠬᠥᠮᠦᠨ ᠬᠡᠷᠡᠭᠯᠡᠭᠰᠡᠨ ᠨᠢᠭᠡᠴᠡ ᠶᠢ《ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ〈ᠬᠠᠷ᠎ᠠ ᠳᠠᠩᠰᠠ〉 ᠶᠢᠨ ᠬᠠᠮᠢᠶᠠᠷᠤᠯᠲᠠ ᠶᠢᠨ ᠲᠤᠬᠠᠢ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠦᠷ ᠴᠠᠭ ᠤᠨ ᠠᠷᠭ᠎ᠠ》︵ᠬᠥᠮᠦᠨ ᠨᠡᠶᠢᠭᠡᠮ ᠶᠠᠮᠤᠨ〔2017〕16 ᠳ᠋ᠤᠭᠠᠷ ᠲᠣᠭᠠᠲᠤ︶ ᠶᠢ ᠴᠢᠩᠭ᠎ᠠ ᠦᠨᠳᠦᠰᠦᠯᠡᠨ᠂ ᠬᠠᠷᠢᠶᠠᠯᠠᠯ ᠤᠨ ᠡᠷᠬᠡ ᠶᠢᠨ ᠬᠡᠪᠴᠢᠶ᠎ᠡ ᠶᠢ ᠦᠨᠳᠦᠰᠦᠯᠡᠨ《ᠬᠠᠷ᠎ᠠ ᠳᠠᠩᠰᠠ》 ᠳᠤ ᠣᠷᠤᠭᠤᠯᠵᠤ᠂ ᠬᠦᠳᠡᠯᠮᠦᠷᠢ ᠦᠢᠯᠡᠴᠢᠯᠡᠭᠡ ᠪᠠᠨ ᠬᠠᠤᠯᠢ ᠪᠤᠰᠤ ᠪᠠᠷ ᠬᠥᠮᠦᠨ ᠬᠡᠷᠡᠭᠯᠡᠬᠦ ᠭᠤᠣᠯ ᠴᠤᠭᠴᠠ ᠶᠢᠨ ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠬᠤᠪᠢᠶᠠᠷᠢᠯᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠠᠴᠠ ᠪᠣᠯᠵᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠭᠰᠡᠨ ᠪᠣᠯ ᠡᠮᠦᠨᠡᠬᠢ ᠬᠤᠶᠠᠷ ᠵᠦᠢᠯ ᠤᠨ ᠪᠠᠶᠢᠳᠠᠯ ᠳᠤ ᠨᠡᠶᠢᠴᠡᠪᠡᠯ᠂ ᠬᠠᠤᠯᠢ ᠪᠣᠰᠤ ᠪᠠᠷ ᠬᠤᠪᠢᠶᠠᠷᠢᠯᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠨᠢᠭᠡᠴᠡ ᠵᠢᠴᠢ ᠭᠤᠣᠯ ᠴᠤᠭᠴᠠ ᠶᠢᠨ ᠬᠢᠷᠢ ᠬᠡᠮ ᠦᠭᠡᠢ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠬᠠᠮᠲᠤ ᠳᠤ ᠨᠢ《ᠬᠠᠷ᠎ᠠ ᠳᠠᠩᠰᠠ》 ᠳᠤ ᠣᠷᠤᠭᠤᠯᠵᠤ᠂《ᠢᠳᠡᠬᠡᠮᠵᠢᠲᠤ ᠬᠦᠬᠡᠬᠤᠲᠠ》《ᠢᠳᠡᠬᠡᠮᠵᠢᠲᠦ ᠥᠪᠦᠷ ᠮᠣᠩᠭᠤᠯ》《ᠢᠳᠡᠬᠡᠮᠵᠢᠲᠤ ᠳᠣᠮᠳᠠᠳᠤ ᠤᠯᠤᠰ》ᠰᠦᠯᠵᠢᠶ᠎ᠡ᠂ ᠤᠯᠤᠰ ᠤᠨ ᠠᠵᠤ ᠠᠬᠤᠶᠢᠯᠠᠯ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠰᠢᠰᠲ᠋ᠧᠮ ᠵᠡᠷᠭᠡ ᠪᠠᠷ ᠳᠠᠮᠵᠢᠭᠤᠯᠤᠨ ᠨᠡᠶᠢᠲᠡ ᠳᠤ ᠵᠠᠷᠯᠠᠨ᠎ᠠ᠃ ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠨ ᠬᠢᠨ《ᠬᠥᠬᠡᠬᠤᠲᠠ ᠶᠢᠨ ᠢᠳᠡᠬᠡᠮᠵᠢ ᠠᠯᠳᠠᠭᠰᠠᠨ ᠠᠵᠤ ᠠᠬᠤᠶᠢᠯᠠᠯ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠬᠠᠮᠢᠶᠠᠷᠤᠯᠲᠠ ᠶᠢᠨ ᠠᠷᠭ᠎ᠠ》《ᠬᠦᠬᠡᠬᠤᠲᠠ ᠶᠢᠨ〔ᠤᠯᠠᠭᠠᠨ ᠬᠠᠷ᠎ᠠ ᠰᠠᠮᠪᠠᠷ᠎ᠠ〕 ᠳᠤ ᠨᠡᠶᠢᠲᠡᠯᠡᠬᠦ ᠳᠥᠷᠢᠮ》ᠵᠡᠷᠭᠡ ᠦᠨᠡᠨᠴᠢ ᠢᠳᠡᠬᠡᠮᠵᠢ ᠶᠢᠨ ᠬᠠᠮᠢᠶᠠᠷᠤᠯᠲᠠ ᠶᠢᠨ ᠳᠦᠷᠢᠮ ᠢ ᠳᠡᠭᠦᠯᠳᠡᠷᠵᠢᠭᠦᠯᠦᠨ ᠬᠡᠷᠡᠭᠵᠢᠭᠦᠯᠵᠤ᠂ ᠴᠠᠯᠢᠩ ᠣᠯᠭᠤᠮᠵᠢ ᠦᠷᠢᠲᠦᠵᠤ ᠤᠳᠠᠭᠠᠰᠢᠷᠠᠭᠤᠯᠤᠭᠰᠠᠨ《ᠬᠠᠷ᠎ᠠ ᠳᠠᠩᠰᠠ》 ᠶᠢ ᠮᠠᠨ  ᠤ ᠬᠤᠲᠠ᠂ ᠥᠪᠡᠷᠲᠡᠭᠡᠨ ᠵᠠᠰᠠᠬᠤ ᠣᠷᠣᠨ ᠪᠠ ᠪᠥᠬᠦ ᠤᠯᠤᠰ ᠤᠨ ᠢᠳᠡᠬᠡᠮᠵᠢ ᠶᠢᠨ ᠮᠡᠳᠡᠭᠡ ᠵᠠᠩᠬᠢ ᠶᠢ ᠬᠠᠮᠳᠣᠪᠡᠷ ᠬᠤᠪᠢᠶᠠᠯᠴᠠᠬᠤ ᠲᠠᠪᠴᠠᠩ ᠳᠤ ᠣᠷᠤᠭᠤᠯᠤᠨ᠎ᠠ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ《ᠢᠳᠡᠬᠡᠯ ᠢᠶᠠᠨ ᠠᠯᠳᠠᠭᠰᠠᠨ ᠠᠵᠤ ᠠᠬᠤᠶᠢᠯᠠᠯ ᠤᠨ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠬᠠᠮᠲᠤᠷᠠᠯᠴᠠᠭᠠᠨ ᠤ ᠰᠠᠨᠠᠭᠤᠯᠤᠮᠵᠢ》︵ᠥᠪᠦᠷ ᠬᠥᠭᠵᠢᠭᠦᠯᠦᠯᠲᠡ ᠦᠭᠡᠷᠡᠴᠢᠯᠡᠯᠲᠡ ᠡᠳ᠋  ᠤᠨ ᠵᠠᠰᠠᠭ ᠮᠥᠩᠭᠦᠨ ᠭᠦᠢᠯᠭᠡᠭᠡ〔2015〕126 ᠳ᠋ᠤᠭᠠᠷ ᠲᠣᠭᠠᠲᠤ︶  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠥᠪᠡᠷᠰᠡᠳ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠤᠷ᠎ᠠ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠳᠡᠮᠵᠢᠯᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ᠂ ᠦᠢᠯᠡᠳᠪᠦᠷᠢᠯᠡᠬᠦ ᠵᠦᠪᠰᠢᠶᠡᠷᠡᠯ᠂ ᠬᠢᠷᠢ ᠬᠡᠮ ᠢ ᠬᠢᠨᠠᠨ ᠬᠠᠷᠭᠤᠭᠤᠯᠬᠤ᠂ ᠪᠡᠯᠡ ᠴᠤᠭᠯᠠᠭᠤᠯᠬᠤ ᠵᠢᠭᠡᠯᠡᠯᠭᠡ᠂ ᠵᠠᠬ᠎ᠠ ᠳᠡᠯᠭᠡᠭᠦᠷ ᠲᠤ ᠣᠷᠤᠬᠤ ᠶᠢ ᠵᠦᠪᠰᠢᠶᠡᠷᠡᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠰᠢᠯᠢᠳᠡᠭ ᠢ  ᠰᠢᠯᠭᠠᠷᠠᠭᠤᠯᠬᠤ ᠲᠡᠷᠢᠭᠦᠨ ᠤ ᠨᠢᠭᠡᠴᠡ ᠶᠢ ᠰᠤᠩᠭᠤᠬᠤ ᠵᠡᠷᠭᠡ ᠲᠠᠯ᠎ᠠ ᠪᠠᠷ ᠬᠢᠵᠠᠭᠠᠷᠯᠠᠯ ᠦᠵᠡᠭᠦᠯᠦᠨ᠎ᠡ᠃ ᠴᠠᠯᠢᠩ ᠣᠯᠭᠤᠮᠵᠢ ᠥᠷᠢᠲᠦᠭᠰᠡᠨ ᠨᠢᠭᠡᠴᠡ ᠶᠢᠨ ᠬᠠᠤᠯᠢ ᠶᠢᠨ ᠡᠷᠬᠡᠲᠡᠨ᠂ ᠨᠢᠭᠡᠴᠡ ᠶᠢᠨ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠬᠦᠮᠦᠨ ᠳᠤ ᠬᠢᠯᠢ ᠠᠴᠠ ᠭᠠᠷᠬᠤ ᠶᠢ ᠬᠢᠵᠠᠭᠠᠷᠯᠠᠬᠤ ᠪᠠ ᠨᠢᠰᠭᠡᠯ ᠳᠤ ᠰᠠᠭᠤᠬᠤ ᠶᠢ ᠬᠢᠵᠠᠭᠠᠷᠯᠠᠬᠤ᠂ ᠭᠠᠯᠲᠤ ᠲᠡᠷᠭᠡᠨ ᠤ ᠵᠦᠭᠡᠯᠡᠨ ᠬᠠᠲᠠᠭᠤ ᠣᠷᠤ ᠳᠤ ᠰᠠᠭᠤᠬᠤ ᠶᠢ ᠬᠢᠵᠠᠭᠠᠷᠯᠠᠬᠤ᠂ ᠣᠳᠤᠨ ᠳᠡᠰ ᠠᠴᠠ ᠳᠡᠭᠡᠭᠰᠢᠬᠢ ᠪᠠᠭᠤᠳᠠᠯ ᠳᠤ ᠬᠤᠨᠤᠭᠯᠠᠬᠤ ᠵᠢᠴᠢ ᠪᠤᠰᠤᠳ ᠲᠥᠷᠦᠯ ᠤᠨ ᠬᠡᠳᠤ ᠬᠡᠷᠡᠭᠯᠡᠭᠡᠨ ᠤ ᠠᠵᠢᠯᠯᠠᠭ᠎ᠠ ᠶᠢ ᠬᠤᠷᠢᠭᠯᠠᠬᠤ ᠠᠷᠭ᠎ᠠ ᠠᠪᠴᠤ᠂ ᠢᠳᠡᠬᠡᠯ ᠢᠶᠠᠨ ᠠᠯᠳᠠᠭᠰᠠᠨ ᠭᠤᠣᠯ ᠴᠣᠭᠴᠠ ᠶᠢ《ᠨᠢᠭᠡ ᠭᠠᠵᠠᠷ ᠬᠠᠤᠯᠢ ᠠᠴᠠ ᠵᠦᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ》ᠪᠤᠯᠭᠠᠨ᠎ᠠ᠃      ᠲᠠᠪᠤ᠂ ᠭᠡᠨᠡᠳᠲᠡ ᠶᠢᠨ ᠴᠢᠨᠠᠷᠲᠠᠢ ᠬᠡᠷᠡᠭ ᠢ ᠪᠠᠴᠢᠮ ᠠᠷᠭᠠᠴᠠᠬᠤ ᠲᠤᠭᠲᠠᠴᠠ ᠶᠢ ᠲᠡᠭᠦᠯᠳᠡᠷᠵᠢᠭᠦᠯᠦᠨ᠎ᠡ      ︵ᠠᠷᠪᠠᠨ ᠬᠤᠶᠠᠷ︶ ᠭᠡᠨᠡᠳᠲᠡ ᠶᠢᠨ ᠴᠢᠨᠠᠷᠲᠠᠢ ᠬᠡᠷᠡᠭ ᠢ ᠪᠠᠴᠢᠮ ᠠᠷᠭᠠᠴᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃  ᠣᠯᠠᠨ ᠨᠡᠶᠢᠲᠡ ᠶᠢᠨ ᠴᠢᠨᠠᠷᠲᠠᠢ ᠬᠡᠷᠡᠭ᠂ ᠬᠡᠲᠦᠷᠡᠮᠡᠬᠡᠢ ᠬᠡᠷᠡᠭ ᠡᠭᠦᠰᠪᠡᠯ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭᠵᠢᠭᠦᠯᠵᠤ᠂ ᠲᠡᠷᠡ ᠳᠠᠷᠤᠢ ᠳᠤ ᠨᠢ ᠰᠢᠢᠳᠪᠦᠷᠢᠯᠡᠬᠦ ᠬᠡᠷᠡᠭᠲᠠᠢ᠃ ᠴᠠᠯᠢᠩ ᠣᠯᠭᠤᠮᠵᠢ ᠥᠷᠢᠲᠦᠭᠰᠡᠨ ᠵᠠᠰᠠᠭ ᠤᠨ ᠣᠷᠳᠤᠨ ᠲᠣᠯᠤᠭᠠᠶᠢᠯᠠᠨ᠂ ᠳᠠᠷᠤᠢ ᠲᠦᠷᠭᠡᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠮᠢᠯᠠᠵᠤ ᠠᠵᠢᠯᠯᠠᠬᠤ ᠳᠤᠭᠤᠶᠢᠯᠠᠩ ᠢ ᠲᠠᠭᠠᠭᠤᠯᠵᠤ ᠠᠬᠤᠢ ᠲᠠᠯᠠᠪᠠᠢ ᠳᠤ ᠬᠦᠷᠴᠤ᠂ ᠵᠢᠭᠠᠨ ᠵᠢᠯᠤᠭᠤᠳᠬᠤ᠂ ᠡᠶᠡᠳᠡᠭᠦᠯᠬᠦ᠂ ᠲᠣᠰᠬᠤ ᠪᠤᠴᠠᠬᠤ ᠠᠵᠢᠯ ᠢ ᠦᠷᠨᠢᠭᠦᠯᠵᠤ᠂ ᠬᠡᠷᠡᠭ ᠤᠴᠢᠷ ᠤᠨ ᠦᠷᠭᠡᠳᠬᠦ ᠶᠢ ᠰᠡᠷᠭᠡᠶᠢᠯᠡᠬᠦ ᠬᠡᠷᠡᠭᠲᠠᠢ᠃ ᠵᠠᠬᠢᠲᠠᠯ ᠰᠣᠷᠪᠤᠯᠵᠢᠯᠠᠭ᠎ᠠ᠂ ᠲᠤᠭᠲᠠᠭᠤᠨ ᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠤᠲᠤᠭᠠᠳᠤ ᠶᠢ ᠬᠠᠮᠠᠭᠠᠯᠠᠬᠤ᠂ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠠᠵᠢᠯ ᠲᠥᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠠᠵᠢᠯᠴᠢᠨ ᠤ ᠡᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠨᠢᠭᠡᠴᠡ ᠰᠢᠢᠳᠪᠦᠷᠢᠯᠡᠬᠦ ᠳᠤ ᠣᠷᠤᠯᠴᠠᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠤᠰᠤᠭᠠᠷ ᠵᠥᠪ ᠵᠣᠬᠢᠰᠲᠠᠢ ᠪᠠᠷ ᠡᠷᠬᠡ ᠠᠰᠢᠭ ᠢᠶᠠᠨ ᠬᠠᠮᠠᠭᠠᠯᠠᠬᠤ ᠶᠢ ᠢᠳᠡᠪᠬᠢᠲᠠᠢ ᠬᠥᠲᠦᠯᠦᠨ ᠵᠢᠯᠤᠭᠤᠳᠴᠤ᠂ ᠵᠠᠮ ᠢ ᠪᠥᠭᠯᠡᠬᠦ᠂ ᠵᠠᠮ ᠬᠠᠷᠢᠯᠴᠠᠭ᠎ᠠ ᠶᠢ ᠬᠠᠷᠰᠢᠯᠠᠬᠤ᠂ ᠣᠷᠤᠵᠤ ᠭᠠᠷᠬᠤ ᠵᠠᠮ ᠢ ᠬᠠᠷᠰᠢᠯᠠᠬᠤ ᠪᠤᠶᠤ ᠤᠰᠤ ᠴᠠᠬᠢᠯᠭᠠᠨ ᠢ ᠲᠠᠰᠤᠯᠬᠤ᠂ ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠠᠢ ᠪᠤᠶᠤ ᠠᠵᠢᠯᠯᠠᠬᠤ ᠭᠠᠵᠠᠷ ᠢ ᠳᠠᠭᠠᠷᠢᠨ ᠴᠣᠬᠢᠬᠤ ᠵᠡᠷᠭᠡ ᠬᠠᠤᠯᠢ ᠪᠤᠰᠤ ᠠᠷᠭ᠎ᠠ ᠪᠠᠷ ᠴᠠᠯᠢᠩ ᠣᠯᠭᠤᠮᠵᠢ ᠨᠡᠬᠡᠬᠦ ᠪᠤᠶᠤ ᠴᠠᠯᠢᠩ ᠣᠯᠭᠤᠮᠵᠢ ᠶᠢ ᠬᠤᠳᠠᠯ ᠢᠶᠠᠷ ᠮᠡᠳᠡᠭᠦᠯᠵᠤ ᠣᠷᠤᠯᠠᠨ ᠠᠪᠬᠤ᠂ ᠴᠠᠯᠢᠩ ᠣᠯᠭᠤᠮᠵᠢ ᠨᠡᠬᠡᠬᠦ ᠨᠡᠷ᠎ᠡ ᠪᠠᠷ ᠢᠨᠵᠧᠨᠧᠷᠢᠩ ᠤᠨ ᠵᠤᠭᠤᠰ ᠠᠪᠬᠤ ᠵᠡᠷᠭᠡ ᠨᠡᠶᠢᠭᠡᠮ ᠤᠨ ᠬᠡᠪ ᠤᠨ ᠡᠮᠬᠢ ᠲᠢᠭᠯᠢᠮ ᠢ ᠡᠪᠳᠡᠭᠰᠡᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠦᠷᠢᠴᠡᠭᠰᠡᠨ ᠦᠢᠯᠡ ᠠᠵᠢᠯᠯᠠᠭ᠎ᠠ ᠳᠤ ᠲᠤᠭᠠᠴᠠᠭᠳᠠᠪᠠᠯ᠂ ᠬᠠᠤᠯᠢ ᠶᠤᠰᠤᠭᠠᠷ ᠠᠮᠤᠷ ᠢ ᠬᠠᠮᠠᠭᠠᠯᠠᠬᠤ ᠰᠢᠢᠳᠬᠡᠯ ᠥᠭᠭᠦᠨ᠎ᠡ︔ ᠶᠠᠯ᠎ᠠ ᠬᠢᠭᠰᠡᠨ ᠳᠤ ᠲᠤᠭᠠᠴᠠᠭᠳᠠᠪᠠᠯ᠂ ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠠᠷᠤᠢ ᠲᠦᠷᠭᠡᠨ ᠡᠵᠡᠮᠳᠡᠵᠤ᠂ ᠡᠯ᠎ᠡ ᠲᠥᠷᠦᠯ ᠤᠨ ᠰᠣᠨᠢᠨ ᠮᠡᠳᠡᠭᠡ ᠵᠠᠭᠤᠴᠢᠯᠠᠭᠤᠷ ᠤᠨᠴᠠᠭᠠᠶᠢᠯᠠᠨ ᠢᠨᠲ᠋ᠧᠷ ᠰᠦᠯᠵᠢᠶ᠎ᠡ ᠳᠡᠭᠡᠷ᠎ᠡ ᠲᠤᠰᠬᠠᠭᠰᠠᠨ ᠴᠠᠯᠢᠩ ᠣᠯᠭᠤᠮᠵᠢ ᠦᠷᠢᠲᠦᠭᠰᠡᠨ ᠠᠰᠠᠭᠤᠳᠠᠯ ᠢ ᠴᠠᠭ ᠲᠤᠬᠠᠢ ᠳᠤ ᠨᠢ ᠬᠠᠷᠢᠶ᠎ᠠ ᠭᠠᠵᠠᠷ ᠢ ᠰᠢᠮᠳᠠᠭᠤᠯᠤᠨ ᠬᠢᠨᠠᠨ ᠬᠠᠷᠭᠤᠭᠤᠯᠤᠨ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠬᠤᠯᠪᠤᠭᠳᠠᠯ ᠪᠦᠬᠦᠢ ᠪᠠᠶᠢᠳᠠᠯ ᠢ ᠮᠡᠳᠡᠭᠳᠡᠵᠤ᠂ ᠶᠠᠷᠢᠶ᠎ᠠ ᠬᠡᠯᠡᠯᠴᠡᠭᠡᠨ ᠤ ᠰᠠᠨᠠᠭᠠᠴᠢᠯᠠᠭᠠᠲᠤ ᠡᠷᠬᠡ ᠶᠢ ᠠᠳᠬᠤᠨ᠎ᠠ᠃ ᠮᠠᠭᠤ ᠰᠠᠨᠠᠭ᠎ᠠ ᠪᠠᠷ ᠤᠬᠠᠭᠠᠯᠠᠨ ᠳᠦᠷᠭᠢᠭᠦᠯᠦᠭᠡᠳ ᠮᠠᠭᠤ ᠨᠥᠯᠦᠭᠡ ᠦᠵᠡᠭᠦᠯᠦᠭᠰᠡᠨ ᠪᠠᠶᠢᠳᠠᠯ ᠳᠤ᠂ ᠰᠤᠨᠢᠨ ᠮᠡᠳᠡᠭᠡᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠲᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠤᠯᠢ ᠶᠤᠰᠤᠭᠠᠷ ᠪᠠᠶᠢᠴᠠᠭᠠᠬᠤ ᠰᠠᠨᠠᠯ ᠳᠡᠪᠰᠢᠭᠦᠯᠦᠨ᠎ᠡ᠃     ᠵᠢᠷᠭᠤᠭ᠎ᠠ᠂ ᠬᠤᠯᠪᠤᠭᠠᠯᠠᠨ ᠡᠷᠬᠡ ᠠᠰᠢᠭ ᠢᠶᠠᠨ ᠬᠠᠮᠠᠭᠠᠯᠠᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ     ︵ᠠᠷᠪᠠᠨ ᠭᠤᠷᠪᠠ︶ ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠠᠢ ᠶᠢᠨ ᠡᠷᠬᠡ ᠠᠰᠢᠭ ᠢ ᠬᠠᠮᠠᠭᠠᠯᠠᠬᠤ ᠮᠡᠳᠡᠭᠡ ᠵᠠᠩᠬᠢ ᠶᠢ ᠨᠡᠶᠢᠲᠡ ᠳᠤ ᠵᠠᠷᠯᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠪᠠᠷᠢᠵᠤ ᠪᠠᠶᠢᠭ᠎ᠠ ᠠᠵᠤ ᠠᠬᠤᠶᠢᠯᠠᠯ ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠠᠢ ᠶᠢᠨ ᠨᠡᠶᠢᠲᠡ ᠳᠤ ᠵᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠲᠥᠷᠦᠯ ᠵᠦᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠪᠥᠲᠦᠭᠡᠨ ᠪᠠᠶᠢᠭᠤᠯᠤᠯᠲᠠ ᠶᠢᠨ ᠨᠢᠭᠡᠴᠡ᠂  ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠠᠵᠤ ᠠᠬᠤᠶᠢᠯᠠᠯ ᠵᠢᠴᠢ ᠲᠥᠷᠥᠯ ᠵᠦᠢᠯ ᠤᠨ ᠬᠡᠯᠲᠡᠰ ᠤᠨ ᠪᠠᠶᠢᠭ᠎ᠠ ᠭᠠᠵᠠᠷ᠂ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ᠂ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠬᠦᠳᠡᠯᠮᠦᠷᠢ ᠬᠥᠷᠦᠩᠭᠡ ᠶᠢᠨ ᠲᠣᠰᠬᠠᠢ ᠬᠠᠮᠢᠶᠠᠷᠤᠭᠴᠢ ᠵᠡᠷᠭᠡ ᠦᠨᠳᠦᠰᠦᠨ ᠮᠡᠳᠡᠭᠡ ᠵᠠᠩᠬᠢ ᠶᠢ ᠨᠡᠶᠢᠲᠡ ᠳᠤ ᠵᠠᠷᠯᠠᠵᠤ᠂ ᠠᠵᠢᠯᠲᠠᠨ ᠠᠵᠢᠯᠴᠢᠨ ︵ᠬᠦᠳᠡᠯᠮᠦᠷᠢ ᠦᠢᠯᠡᠴᠢᠯᠡᠭᠡᠨ ᠤ ᠠᠵᠢᠯᠴᠢᠨ ︶ ᠤ ᠨᠡᠷᠡᠰ ᠤᠨ ᠬᠠᠭᠤᠳᠠᠰᠤ ᠶᠢ ᠨᠡᠶᠢᠲᠡ ᠳᠤ ᠵᠠᠷᠯᠠᠬᠤ ᠶᠢᠨ ᠬᠠᠮᠲᠤ ᠠᠵᠢᠯᠲᠠᠨ ᠠᠵᠢᠯᠴᠢᠨ ᠪᠣᠶᠤ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠤ ᠲᠤᠰ ᠪᠡᠶ᠎ᠡ ᠪᠠᠷ ᠭᠠᠷ ᠤᠨ ᠦᠰᠦᠭ ᠵᠢᠷᠤᠭᠤᠯᠵᠤ ᠨᠣᠲᠠᠯᠠᠭᠤᠯᠤᠨ᠎ᠠ᠂ ᠬᠠᠷᠢᠶ᠎ᠠ ᠭᠠᠵᠠᠷ ᠤᠨ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠢᠯᠡᠴᠢᠯᠡᠨ ᠵᠠᠭᠠᠯᠳᠤᠬᠤ ᠤᠲᠠᠰᠤ ᠪᠠ ᠬᠥᠳᠡᠯᠮᠦᠷᠢ ᠬᠦᠴᠦᠨ ᠤ ᠮᠠᠷᠭᠤᠯᠳᠤᠭᠠᠨ ᠢ ᠡᠶᠡᠳᠡᠭᠦᠯᠬᠦ ᠪᠠ ᠬᠦᠨᠳᠡᠯᠡᠨ ᠠᠴᠠ ᠲᠠᠰᠤᠯᠬᠤ᠂ ᠬᠦᠳᠡᠯᠮᠦᠷᠢ ᠶᠢᠨ ᠪᠠᠲᠤᠯᠠᠭ᠎ᠠ ᠶᠢᠨ ᠪᠠᠶᠢᠴᠠᠭᠠᠯᠲᠠ᠂ ᠳᠣᠲᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠠᠷᠠᠳ ᠤᠨ ᠰᠢᠭᠦᠬᠦ ᠬᠤᠷᠢᠶ᠎ᠠ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠬᠠᠤᠯᠢ ᠴᠠᠭᠠᠵᠠ ᠶᠢᠨ ᠲᠤᠰᠠᠯᠠᠮᠵᠢ᠂ ᠰᠠᠬᠢᠯᠭ᠎ᠠ ᠪᠠᠲᠤ ᠪᠠᠶᠢᠴᠠᠭᠠᠬᠤ ᠪᠠᠶᠢᠴᠠᠭᠠᠯᠲᠠ ᠵᠡᠷᠭᠡ ᠢᠯᠡᠴᠢᠯᠡᠨ ᠮᠡᠳᠡᠭᠦᠯᠬᠦ᠂ ᠵᠠᠭᠠᠯᠳᠤᠬᠤ᠂ ᠭᠤᠶᠤᠴᠢᠯᠠᠬᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠤᠲᠠᠰᠤ ᠵᠡᠷᠭᠡ ᠮᠡᠳᠡᠭᠡ ᠵᠠᠩᠬᠢ ᠶᠢ ᠢᠯᠡ ᠪᠠᠷ ᠨᠡᠶᠢᠲᠡᠯᠡᠵᠤ᠂ ᠨᠡᠶᠢᠲᠡ ᠳᠤ ᠵᠠᠷᠯᠠᠭᠰᠠᠨ ᠮᠡᠳᠡᠭᠡ ᠵᠠᠩᠬᠢ ᠶᠢᠨ ᠪᠦᠷᠢᠨ ᠪᠥᠷᠬᠦᠭᠦᠯᠬᠦ ᠶᠢ ᠦᠨᠡᠨᠬᠦ ᠪᠠᠲᠤᠯᠠᠨ᠎ᠠ᠃ ᠦᠨᠡᠨ ᠪᠤᠳᠠᠲᠠᠢ ᠪᠠᠷ ᠨᠡᠶᠢᠲᠡ ᠳᠤ ᠵᠠᠷᠯᠠᠭᠰᠠᠨ ᠦᠭᠡᠢ ᠪᠣᠯ᠂ ᠠᠵᠢᠯ ᠲᠥᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠶᠣᠰᠤᠭᠠᠷ ᠵᠠᠯᠠᠷᠠᠭᠤᠯᠤᠨ᠎ᠠ᠃      ︵ᠠᠷᠪᠠᠨ ᠳᠥᠷᠪᠡ︶ ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠷᠢᠲᠦᠬᠦ ᠶᠢ ᠢᠯᠡᠴᠢᠯᠡᠨ ᠵᠠᠭᠠᠯᠳᠤᠬᠤ ᠠᠷᠭ᠎ᠠ ᠵᠠᠮ ᠢ ᠣᠯᠠᠮ ᠨᠢᠭᠡ ᠠᠯᠬᠤᠮ ᠨᠡᠪᠲᠡᠷᠡᠭᠦᠯᠵᠤ᠂ ᠬᠦᠳᠡᠯᠮᠦᠷᠢ ᠶᠢᠨ ᠪᠠᠲᠤᠯᠠᠭ᠎ᠠ ᠶᠢᠨ ᠪᠠᠶᠢᠴᠠᠭᠠᠯᠲᠠ ᠶᠢᠨ ᠢᠯᠡᠴᠢᠯᠡᠨ ᠵᠠᠭᠠᠯᠳᠤᠭᠰᠠᠨ ᠬᠡᠷᠡᠭ ᠢ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠳᠤᠷ ᠳᠣᠲᠤᠮ ᠤᠨ ᠲᠣᠭᠤᠷᠢᠨ ᠪᠠᠶᠢᠴᠭᠠᠬᠤ  ᠪᠠᠶᠢᠴᠠᠭᠠᠯᠲᠠ ᠶᠢ ᠴᠢᠩᠭᠠᠳᠬᠠᠬᠤ ᠪᠠᠷ ᠳᠠᠮᠵᠢᠨ ᠬᠦᠮᠦᠨ ᠬᠡᠷᠡᠭᠯᠡᠬᠦ ᠨᠢᠭᠡᠴᠡ ᠶᠢ ᠰᠢᠮᠳᠠᠭᠤᠯᠤᠨ ᠰᠠᠷ᠎ᠠ ᠪᠦᠷᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠭᠦᠨ᠎ᠡ᠃ ᠬᠤᠲᠠ ᠶᠢᠨ ᠵᠠᠰᠠᠭ ᠤᠨ ᠣᠷᠳᠤᠨ ᠬᠦᠴᠦ ᠶᠠᠪᠤᠭᠴᠢ ᠮᠠᠯᠴᠢᠨ ᠲᠠᠷᠢᠶᠠᠴᠢᠨ  ᠤ ᠥᠷᠢ ᠰᠢᠷᠢ ᠶᠢ ᠲᠢᠭᠯᠡᠬᠦ ᠪᠠᠶᠢᠭᠤᠯᠭ᠎ᠠ ᠲᠠᠢ ᠬᠤᠯᠪᠤᠭᠠᠯᠠᠨ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠵᠤ᠂ ᠵᠢᠯ ᠪᠣᠯᠭᠠᠨ ᠤ ᠰᠢᠨ᠎ᠡ ᠵᠢᠯ᠂ ᠴᠠᠭᠠᠨ ᠰᠠᠷ᠎ᠠ ᠪᠠ ᠪᠣᠰᠤᠳ ᠵᠠᠩᠭᠢᠯᠠᠭ᠎ᠠ ᠶᠢᠨ ᠪᠠᠶᠠᠷ ᠳᠤᠷᠠᠰᠬᠠᠯ ᠤᠨ ᠡᠳᠤᠷ ᠲᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠥᠭᠴᠤ ᠪᠠᠶᠢᠭ᠎ᠠ ᠪᠠᠶᠢᠳᠠᠯ ᠳᠤ ᠲᠣᠰᠬᠠᠢ ᠪᠠᠶᠢᠴᠠᠭᠠᠯᠲᠠ ᠥᠷᠨᠢᠭᠦᠯᠵᠤ᠂ ᠴᠠᠯᠢᠩ ᠣᠯᠭᠤᠮᠵᠢ ᠦᠷᠢᠲᠦᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠳᠤ ᠲᠥᠪᠯᠡᠷᠡᠭᠦᠯᠦᠨ ᠵᠠᠰᠠᠨ ᠴᠡᠭᠴᠡᠯᠡᠯᠲᠡ ᠬᠢᠨ᠎ᠡ᠃ ᠢᠯᠡᠴᠢᠯᠡᠨ ᠵᠠᠭᠠᠯᠳᠤᠭᠰᠠᠨ ᠪᠠ ᠪᠠᠶᠢᠴᠠᠭᠠᠯᠲᠠ ᠳᠣᠮᠳᠠ ᠢᠯᠡᠷᠡᠭᠦᠯᠦᠭᠰᠡᠨ ᠴᠠᠯᠢᠩ ᠣᠯᠭᠤᠮᠵᠢ ᠥᠷᠢᠲᠦᠭᠰᠡᠨ ᠠᠰᠠᠭᠤᠳᠠᠯ ᠳᠤ᠂ ᠬᠠᠤᠯᠢ ᠳᠤ ᠲᠣᠭᠲᠠᠭᠠᠭᠰᠠᠨ ᠬᠤᠭᠤᠴᠠᠭ᠎ᠠ ᠶᠣᠰᠤᠭᠠᠷ ᠳᠠᠷᠤᠢ ᠲᠦᠷᠭᠡᠨ ᠭᠦᠢᠴᠡᠳᠬᠡᠵᠤ᠂ ᠴᠠᠯᠢᠩ ᠣᠯᠭᠤᠮᠵᠢ ᠥᠷᠢᠲᠦᠭᠰᠡᠨ ᠬᠡᠷᠡᠭ ᠢ ᠴᠠᠭ ᠤᠨ ᠬᠢᠵᠠᠭᠠᠷ ᠳᠣᠲᠤᠷ᠎ᠠ ᠰᠢᠢᠳᠪᠦᠷᠢᠯᠡᠬᠦ ᠶᠢ ᠪᠠᠲᠤᠯᠠᠬᠤ ᠬᠡᠷᠡᠭᠲᠠᠢ᠃    ︵ᠠᠷᠪᠠᠨ ᠲᠠᠪᠤ︶ ᠬᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠬᠦᠨᠳᠡᠯᠡᠨ ᠠᠴᠠ ᠲᠠᠰᠣᠯᠬᠤ ᠦᠢᠯᠡᠳᠤᠯ ᠢ ᠭᠦᠢᠴᠡᠳ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠬᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠠᠵᠢᠯ ᠢ ᠣᠯᠠᠮ ᠨᠢᠭᠡ ᠠᠯᠬᠤᠮ ᠴᠢᠩᠭᠠᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠦᠷᠢᠲᠦᠵᠤ ᠤᠳᠠᠭᠠᠰᠢᠷᠠᠭᠤᠯᠤᠭᠰᠠᠨ ᠳᠤ ᠬᠤᠯᠪᠤᠭᠳᠠᠭᠰᠠᠨ ᠮᠠᠷᠭᠤᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠎ᠡ᠃ ᠬᠥᠳᠡᠯᠮᠦᠷᠢ ᠶᠢᠨ ᠮᠠᠷᠭᠤᠯᠳᠤᠭᠠᠨ ᠢ ᠬᠦᠨᠳᠡᠯᠡᠨ ᠠᠴᠠ ᠲᠠᠰᠤᠯᠬᠤ ᠪᠠᠶᠢᠭᠤᠯᠭ᠎ᠠ ᠦᠷᠬᠦᠯᠵᠢᠯᠡᠨ ᠮᠠᠷᠭᠤᠯᠳᠤᠭᠠᠨ ᠢ ᠰᠢᠢᠳᠪᠦᠷᠢᠯᠡᠬᠦ《ᠰᠠᠭᠠᠳ ᠦᠭᠡᠢ ᠨᠡᠪᠲᠡᠷᠡᠬᠦ ᠵᠠᠮ》ᠭᠠᠷᠭᠠᠵᠤ᠂ ᠬᠡᠷᠡᠭ ᠰᠢᠢᠳᠪᠦᠷᠢᠯᠡᠬᠦ ᠶᠠᠪᠤᠴᠠ ᠶᠢ ᠳᠥᠭᠦᠮᠴᠢᠯᠡᠵᠤ᠂ ᠬᠡᠷᠡᠭ ᠰᠢᠢᠳᠪᠦᠷᠢᠯᠡᠬᠦ ᠠᠷᠭ᠎ᠠ ᠠᠪᠴᠠᠯ ᠢᠶᠠᠨ ᠰᠠᠶᠢᠵᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠷᠢᠲᠦᠵᠤ ᠤᠳᠠᠭᠠᠰᠢᠷᠠᠭᠤᠯᠬᠤ ᠳᠤ ᠬᠤᠯᠪᠤᠭᠳᠠᠭᠰᠠᠨ ᠮᠠᠷᠭᠤᠯᠳᠤᠭᠠᠨ ᠲᠠᠢ ᠬᠡᠷᠡᠭ ᠢ ᠤᠷᠢᠳᠡᠪᠡᠷ ᠰᠢᠢᠳᠪᠦᠷᠢᠯᠡᠵᠦ᠂ ᠤᠷᠢᠳᠠᠪᠡᠷ ᠰᠢᠭᠦᠯᠲᠡ ᠬᠢᠨ᠂ ᠲᠠᠷᠤᠢ ᠲᠦᠷᠭᠡᠨ  ᠲᠠᠰᠤᠯᠤᠨ ᠲᠣᠭᠲᠠᠭᠠᠵᠤ᠂ ᠲᠦᠷᠭᠡᠨ ᠢᠶᠠᠷ ᠬᠡᠷᠡᠭ ᠢ ᠰᠢᠢᠳᠬᠡᠨ᠎ᠡ᠃      ︵ᠠᠷᠪᠠᠨ ᠵᠢᠷᠭᠤᠭ᠎ᠠ︶ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠦᠷᠨᠢᠭᠦᠯᠦᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠭ᠎ᠠ ᠵᠠᠮ ᠢ ᠨᠡᠪᠲᠡᠷᠡᠭᠦᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠲᠦᠪᠯᠡᠷᠡᠭᠰᠡᠨ ᠭᠠᠵᠠᠷ ᠪᠠ ᠬᠦᠨᠳᠡᠯᠡᠨ ᠠᠴᠠ ᠲᠠᠰᠤᠯᠬᠤ᠂ ᠬᠢᠨᠠᠨ ᠪᠠᠶᠢᠴᠠᠭᠠᠬᠤ ᠵᠡᠷᠭᠡ ᠪᠠᠶᠢᠭᠤᠯᠭ᠎ᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠮᠡᠳᠡᠭᠡ ᠵᠠᠩᠬᠢ ᠬᠦᠯᠢᠶᠡᠨ ᠠᠪᠬᠤ᠂ ᠭᠤᠶᠤᠴᠢᠯᠠᠯ ᠳᠡᠪᠰᠢᠭᠦᠯᠬᠦ ᠳᠤ ᠳᠦᠭᠦᠮ ᠦᠵᠡᠭᠦᠯᠦᠨ᠎ᠡ᠃ ᠣᠯᠠᠨ ᠲᠥᠷᠦᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠤᠨ ᠭᠤᠣᠯ ᠠᠭᠤᠯᠭ᠎ᠠ ᠪᠠ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠬᠦᠮᠦᠨ ᠬᠡᠷᠡᠭᠯᠡᠬᠦ ᠨᠢᠭᠡᠴᠡ ᠶᠢᠨ ᠬᠠᠤᠯᠢ ᠶᠤᠰᠤᠭᠠᠷ ᠬᠦᠮᠦᠨ ᠬᠡᠷᠡᠭᠯᠡᠬᠦ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠢ ᠬᠦᠲᠦᠯᠦᠨ ᠵᠢᠯᠤᠭᠤᠳᠴᠤ ᠵᠥᠪ ᠵᠣᠬᠢᠰᠲᠠᠢ ᠪᠠᠷ ᠡᠷᠬᠡ ᠠᠰᠢᠭ ᠢᠶᠠᠨ ᠬᠠᠮᠠᠭᠠᠯᠠᠨ᠎ᠠ᠃ ᠵᠢᠯ ᠪᠤᠯᠭᠠᠨ ᠤ ᠴᠠᠯᠢᠩ ᠣᠯᠭᠤᠮᠵᠢ ᠥᠷᠢᠲᠦᠬᠦ ᠶᠢ ᠴᠡᠭᠴᠡᠯᠡᠬᠦ ᠵᠠᠩᠭᠢᠯᠠᠭ᠎ᠠ ᠶᠢᠨ ᠴᠠᠭ ᠲᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠶᠢ ᠪᠠᠲᠤᠯᠠᠬᠤ ᠲᠦᠪᠯᠡᠷᠡᠭᠦᠯᠦᠨ ᠤᠬᠠᠭᠤᠯᠬᠤ ᠠᠵᠢᠯᠯᠠᠭ᠎ᠠ ᠦᠷᠨᠢᠭᠦᠯᠵᠤ᠂ ᠪᠥᠬᠦ ᠨᠡᠶᠢᠭᠡᠮ ᠢᠶᠠᠷ ᠢᠶᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃      ᠳᠣᠯᠤᠭ᠎ᠠ᠂ ᠲᠤᠰ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 3 ᠵᠢᠯ  ᠂ ᠵᠢᠷᠤᠮᠵᠢᠯᠠᠯ  ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠨᠢᠭᠡᠳᠦᠯᠲᠠᠢ  ᠳ᠋ᠤᠭᠠᠷ ᠨᠢ  ᠄ ZG —2018 —3᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ