ᠴᠢᠩ ᠱᠦᠢ ᠾᠧ ᠰᠢᠶᠠᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠠᠰᠠᠷ ᠤᠨ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠷᠤᠭᠰᠢᠲᠠᠶ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2018-09-27
      ᠴᠢᠩ ᠱᠦᠢ ᠾᠧ ᠰᠢᠶᠠᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠠᠰᠠᠷ ᠤᠨ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠶᠢ 670 ᠲᠦᠮᠡᠨ ᠲᠥᠭᠦᠷᠢᠭ ᠢᠶᠠᠷ ᠲᠥᠯᠥᠪᠯᠡᠵᠦ᠂ ᠤᠤᠯ ᠤᠨ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠰᠠᠷ ᠲᠤ ᠥᠭᠡᠷᠡᠴᠢᠯᠡᠯᠲᠡ ᠬᠢᠵᠦ᠂ ᠪᠣᠳᠠᠲᠠᠶ ᠥᠭᠡᠷᠡᠴᠢᠯᠡᠬᠦ ᠠᠭᠤᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄ ᠲᠤᠬᠠᠶᠢᠯᠠᠭᠰᠠᠨ ᠠᠵᠢᠯ ᠤᠨ ᠠᠰᠠᠷ ᠤᠨ ᠤᠰᠤ ᠬᠠᠩᠭᠠᠬᠤ ᠭᠠᠷᠭᠠᠬᠤ ᠰᠢᠰᠲ᠋ᠧᠮ᠂ ᠭᠠᠯ ᠤᠨᠲᠠᠷᠠᠭᠠᠬᠤ ᠰᠢᠰᠲ᠋ᠧᠮ᠂ ᠴᠠᠬᠢᠯᠭᠠᠨ ᠰᠢᠰᠲ᠋ᠧᠮ᠂ ᠪᠣᠬᠢᠷ ᠤᠰᠤ ᠠᠷᠢᠭᠤᠳᠬᠠᠬᠤ ᠰᠢᠰᠲ᠋ᠧᠮ᠂ ᠢᠯᠴᠢ ᠬᠠᠩᠭᠠᠬᠤ ᠰᠠᠯᠬᠢ ᠨᠡᠪᠲᠡᠷᠡᠬᠦ ᠰᠢᠰᠲ᠋ᠧᠮ ᠪᠣᠯᠤᠨ ᠤᠤᠯ ᠲᠤᠷᠰᠢᠯᠲᠠ ᠶᠢᠨ ᠠᠰᠠᠷ ᠤᠨ ᠳᠣᠲᠣᠭᠠᠳᠤ ᠭᠠᠳᠠᠭᠠᠳᠤ ᠶᠢᠨ ᠴᠢᠮᠡᠭᠯᠡᠯ ᠳᠤ ᠥᠭᠡᠷᠡᠴᠢᠯᠡᠯᠲᠡ ᠬᠢᠵᠦ᠂ ᠰᠢᠶᠠᠨ ᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠠᠰᠠᠷ ᠤᠨ ᠬᠡᠷᠡᠭᠴᠡᠭᠡ ᠱᠠᠭᠠᠷᠳᠠᠯᠭ᠎ᠠ ᠳ᠋ᠤ᠋‌‍ᠬᠦ᠋ᠷᠦᠭᠦᠯᠬᠦ ᠪᠠᠷ ᠪᠤᠢ᠃ ᠥᠭᠡᠷᠡᠴᠢᠯᠡᠬᠦ ᠶᠡᠷᠦᠩᠬᠡᠶ ᠲᠠᠯᠠᠪᠠᠶ ᠨᠢ 2322 ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ᠄ ᠲᠤᠷᠰᠢᠯᠲᠠ ᠶᠢᠨ ᠲᠠᠰᠤᠭ960 ᠲᠡᠭᠰᠢ ᠳᠥᠷᠪᠡᠯᠵᠢᠨ ᠮᠧᠲᠷ᠂ ᠲᠤᠷᠰᠢᠯᠲᠠ ᠶᠢᠨ ᠲᠠᠰᠤᠭ ᠤᠨ ᠪᠠᠲᠤᠯᠠᠭ᠎ᠠ ᠶᠢᠨ ᠭᠡᠷ 615 ᠲᠡᠭᠰᠢ ᠳᠥᠷᠪᠡᠯᠵᠢᠨ ᠮᠧᠲᠷ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ 565 ᠲᠡᠭᠰᠢ ᠳᠥᠷᠪᠡᠯᠵᠢᠨ ᠮᠧᠲᠷ ︵ᠡᠭᠦᠨ ᠳᠤ᠄ ᠦᠯᠢᠭᠡᠷ ᠡᠳ᠋ ᠬᠠᠳᠠᠭᠠᠯᠠᠬᠤ ᠭᠡᠷ 300 ᠲᠡᠭᠰᠢ ᠳᠥᠷᠪᠡᠯᠵᠢᠨ ᠮᠧᠲᠷ᠂ ᠪᠤᠰᠤᠳ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ 265 ᠲᠡᠭᠰᠢ ᠳᠥᠷᠪᠡᠯᠵᠢᠨ ᠮᠧᠲᠷ︶᠂ ᠵᠠᠰᠠᠭ ᠵᠠᠬᠢᠷᠭᠠᠨ ᠳᠤ ᠬᠡᠷᠡᠭᠯᠡᠬᠦ ᠭᠡᠷ 182 ᠲᠡᠭᠰᠢ ᠳᠥᠷᠪᠡᠯᠵᠢᠨ ᠮᠧᠲᠷ᠃ ᠲᠣᠰ ᠲᠥᠷᠥᠯ ᠢ 8 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ ᠪᠦᠲᠦᠭᠡᠨ ᠪᠠᠶᠢᠭᠤᠯᠵᠤ᠂ ᠣᠳᠣᠬᠠᠨ ᠳᠤ ᠶᠠᠭ ᠣᠷᠣᠶ ᠳᠡᠭᠡᠷᠡᠬᠢ ᠭᠠᠯ ᠰᠡᠷᠭᠡᠶᠢᠯᠡᠬᠦ ᠵᠢᠴᠢ ᠠᠰᠠᠷ ᠲᠣᠲᠣᠷᠠᠬᠢ ᠱᠠᠯᠠ ᠶᠢᠨ ᠵᠠᠰᠠᠨ ᠥᠭᠡᠷᠡᠴᠢᠯᠡᠬᠦ ᠢᠨᠵᠧᠨᠧᠷᠢᠩ ᠢ ᠶᠠᠪᠤᠭᠳᠠᠭᠤᠯᠵᠤ ᠪᠤᠢ᠃ ᠲᠥᠷᠥᠯ ᠵᠦᠢᠯ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠦᠬᠦ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶ ᠴᠢᠳᠠᠪᠤᠷᠢ ᠶᠢ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠢᠳᠡᠪᠬᠢᠲᠡᠶ ᠲᠦᠯᠬᠢᠨ ᠠᠬᠢᠭᠤᠯᠬᠤ ᠪᠠ ᠪᠠᠲᠤᠯᠠᠬᠤ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号