ᠶᠤᠸᠠᠠ ᠤ ᠲᠡᠭᠡᠳᠦ ᠨᠡᠶᠢᠰᠯᠡᠯ ᠪᠤᠯᠤᠨ ᠮᠤᠩᠭᠤᠯ ᠲᠡᠦᠬᠡ ᠰᠤᠶᠤᠯ ᠤᠨ ᠡᠷᠳᠡᠮ ᠰᠢᠨᠵᠢᠯᠡᠬᠡᠨ ᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2018-09-27
      ᠤᠢᠢᠷ᠎ᠠ ᠶᠢᠨ ᠡᠳᠤᠷ᠂ ᠲᠤᠮᠳᠠᠳᠤ ᠤᠯᠤᠰ ᠤᠨ ᠮᠤᠩᠭᠤᠯ ᠲᠡᠦᠬᠡ ᠶᠢᠨ ᠨᠡᠶᠢᠬᠡᠮᠯᠢᠭ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠱᠠᠩᠳᠤ ᠪᠠᠯᠭᠠᠰᠤᠨ ᠳᠤ ︽2018 ᠤᠨ ᠤ ᠶᠤᠸᠠᠠ ᠤ ᠲᠡᠭᠡᠳᠦ ᠨᠡᠶᠢᠰᠯᠡᠯ ᠵᠢᠴᠢ ᠮᠤᠩᠭᠤᠯ ᠲᠡᠦᠬᠡ ᠰᠤᠶᠤᠯ ᠤᠨ ᠡᠷᠳᠡᠮ ᠰᠢᠨᠵᠢᠯᠡᠬᠡᠨ ᠤ ᠬᠤᠷᠠᠯ︾ ᠢ ᠬᠤᠷᠠᠯᠳᠤᠭᠤᠯᠪᠠ᠃ ᠬᠤᠷᠠᠯ ᠳᠤ᠂ ᠶᠠᠫᠤᠨ᠂ ᠠᠦ᠋ᠰᠳ᠋ᠷᠡᠯᠢᠶ᠎ᠠ ᠵᠡᠷᠬᠡ ᠭᠠᠳᠠᠭᠠᠳᠤ ᠶᠢᠨ ᠡᠷᠳᠡᠮᠳᠡᠳ ᠪᠠ ᠤᠯᠤᠰ ᠤᠨ ᠲᠤᠳᠤᠭᠠᠳᠤ ᠶᠢᠨ ᠡᠯ᠎ᠠ ᠶᠡᠭᠡ ᠲᠡᠭᠡᠳᠦ ᠰᠤᠷᠭᠠᠭᠤᠯᠢ ᠶᠢᠨ ᠡᠷᠳᠡᠮᠳᠡᠨ ᠰᠤᠳᠤᠯᠭᠠᠳᠠᠳ ᠵᠢᠴᠢ ᠲᠡᠦᠬᠡ ᠰᠤᠶᠤᠯ ᠰᠤᠳᠤᠯᠤᠯ ᠤᠨ ᠲᠤᠰᠬᠠᠢ ᠮᠡᠷᠬᠡᠵᠢᠯᠳᠡᠳ ᠨᠡᠶᠢᠳᠡ 100 ᠭᠠᠷᠤᠢ ᠬᠦᠮᠦᠰ ᠤᠷᠤᠯᠴᠠᠭᠰᠠᠨ ᠪᠠᠶᠢᠨ᠎ᠠ᠃      ᠰᠤᠳᠤᠯᠤᠨ ᠶᠠᠷᠢᠯᠴᠠᠬᠤ ᠬᠤᠷᠠᠯ ᠢ 3 ᠲᠤᠰᠬᠠᠢ ᠮᠡᠷᠬᠡᠵᠢᠯᠳᠡᠡ ᠤ ᠲᠤᠭᠤᠢᠢᠯᠠᠩ ᠬᠤᠪᠢᠶᠠᠵᠦ᠂ ᠬᠤᠤ ᠸᠧᠢ ᠮᠢᠨ᠂ ᠤᠶᠤᠨᠳᠠᠯᠠᠢ᠂ ᠴᠤᠭᠳᠤ᠂ ᠰᠣᠳᠦᠪᠢᠯᠢᠭ ᠵᠡᠷᠬᠡ ᠫᠷᠤᠹᠧᠰᠰᠤᠷ ᠰᠤᠳᠤᠯᠭᠠᠳᠠᠳ ᠠᠴᠠ ᠲᠤᠰ ᠪᠦᠷᠢ ︽ᠬᠤᠷᠢᠳᠤᠭᠠᠷ ᠵᠠᠭᠤᠨ ᠤ ᠮᠤᠩᠭᠤᠯ ᠲᠡᠦᠬᠡ ᠰᠤᠳᠤᠯᠭᠠᠳᠠᠳ ᠤᠨ ᠰᠢᠯᠤᠭᠤᠨ ᠬᠦᠬᠡ ᠳᠠᠬᠢ ᠦᠯᠢᠬᠡᠷ ᠦᠢᠯᠡ︾᠂ ︽ᠴᠢᠩ ᠤᠯᠤᠰ ᠤᠨ ᠰᠡᠬᠦᠯᠴᠢ ᠶᠢᠨ ᠦᠶ᠎ᠡ ᠶᠢᠨ ᠠᠯᠪᠠᠨ ᠠᠴᠠ ᠠᠳᠠᠷ ᠬᠠᠭᠠᠯᠪᠤᠷᠢᠯᠠᠬᠤ ᠠᠴᠠ ᠡᠮᠦᠨᠡᠬᠢ ᠴᠠᠬᠠᠷ ᠤᠨ ᠨᠤᠳᠤᠭ ᠲᠡᠪᠢᠰᠬᠡᠷ ᠤᠨ ᠡᠵᠡᠮᠰᠢᠯ ᠤᠨ ᠬᠡᠯᠪᠡᠷᠢ ᠶᠢᠨ ᠰᠢᠨᠵᠢᠯᠡᠯ︾᠂ ︽ᠶᠤᠸᠠᠨ ᠤᠯᠤᠰ ᠤᠨ ᠲᠦᠷᠦ ᠶᠢᠨ ᠬᠤᠪᠢᠰᠤᠯ ᠡᠬᠦᠰᠦᠭᠰᠡᠨ ᠭᠠᠵᠠᠷ — ᠨᠠᠨ ᠫᠦᠸᠧ ᠶᠢ ᠬᠠᠶᠢᠬᠤ ᠨᠢ︾᠂ ︽ᠬᠤᠪᠢᠯᠠᠢ ᠬᠢᠬᠡᠳ ᠴᠢᠩᠬᠢᠰ ᠤᠨ ᠶᠡᠭᠡ ᠵᠠᠰᠠᠬ︾᠂ ︽ᠶᠤᠸᠠᠨ ᠤ ᠬᠠᠭᠠᠨᠳᠤ ᠤᠯᠤᠰ ᠤᠨ ᠲᠡᠯᠡᠬᠡᠢ ᠲᠡᠬᠡᠷᠡᠬᠢ ᠲᠡᠦᠬᠡ ᠶᠢᠨ ᠦᠯᠡᠳᠡᠭᠳᠡᠯ︾ ᠵᠡᠷᠭᠡ ᠰᠡᠳᠤᠪ ᠢᠶᠠᠷ ᠢᠯᠡᠳᠬᠡᠯ ᠬᠢᠪᠡ᠃ ᠡᠬᠦᠨ ᠠᠴᠠ ᠭᠠᠳᠠᠨ᠎ᠠ ᠪᠠᠰᠠ ᠮᠤᠩᠭᠤᠯ ᠦᠨᠳᠦᠰᠦᠳᠡᠨ ᠤ ᠵᠠᠩ ᠦᠢᠯᠡ ᠪᠠ ᠱᠠᠰᠢᠨ ᠰᠤᠷᠳᠠᠬᠤᠨ ᠤ ᠰᠤᠶᠤᠯ᠂ ᠶᠤᠸᠠᠠ ᠤ ᠲᠡᠭᠡᠳᠦ ᠨᠡᠶᠢᠰᠯᠡᠯ ᠤᠨ ᠪᠠᠭᠤᠷᠢ ᠶᠢᠨ ᠬᠦᠨ ᠵᠤᠵᠠᠭᠠᠨ ᠰᠤᠶᠤᠯ ᠤᠨ ᠠᠭᠤᠯᠬᠤᠨ ᠵᠢᠴᠢ ᠬᠤᠵᠢᠮ ᠤᠨ ᠲᠦᠯᠤᠪᠵᠢᠬᠦᠯᠬᠡ ᠬᠦᠭᠵᠢᠯᠳᠡ ᠂ ᠮᠤᠩᠭᠤᠯ ᠶᠤᠸᠠᠠ ᠤ ᠰᠤᠶᠤᠯ ᠢ ᠬᠡᠷᠬᠢᠨ ᠠᠬᠢᠭᠤᠯᠬᠤ᠂ ᠮᠤᠩᠭᠤᠯ ᠲᠡᠦᠬᠡ ᠰᠤᠶᠤᠯ ᠤᠨ ᠤᠯᠠᠮᠵᠢᠯᠠᠯ ᠵᠡᠷᠬᠡ ᠠᠭᠤᠯᠭ᠎ᠠ ᠶᠢᠨ ᠲᠤᠭᠤᠷᠢᠨ ᠳᠤ ᠴᠢᠯᠦᠬᠡᠳᠡᠢ ᠶᠠᠷᠢᠯᠴᠠᠵᠠᠭᠠᠵᠠᠢ᠃      ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠨᠢ ᠰᠢᠯᠤᠭᠤᠨ ᠬᠦᠬᠡ ᠬᠤᠰᠢᠭᠤᠨ ᠤ ᠦᠨᠳᠦᠰᠦᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠬᠠᠮᠠᠭᠠᠯᠠᠬᠤ᠂ ᠠᠭᠤᠳᠠᠯᠬᠤ᠂ ᠤᠯᠠᠮᠵᠢᠯᠠᠨ ᠪᠠᠳᠠᠷᠠᠭᠤᠯᠬᠤ ᠵᠢᠴᠢ ᠰᠢᠯᠤᠭᠤᠨ ᠬᠦᠬᠡ ᠬᠤᠰᠢᠭᠤᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠬᠦ ᠨᠢ ᠲᠠᠮᠵᠢᠭ ᠦᠬᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号