ᠰᠢᠨ᠎ᠡ ᠬᠤᠲᠠ ᠲᠣᠭᠤᠷᠢᠭ ᠤᠨ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ ᠺᠠᠳ᠋ᠷ ᠤᠨ | ᠰᠡᠳᠬᠢᠴᠡ ᠶᠢ ᠦᠷᠭᠡᠳᠭᠡᠵᠤ᠂ ᠰᠢᠨ᠎ᠡ ᠶᠢ ᠡᠭᠦᠳᠬᠦ ᠠᠵᠢᠯ ᠤᠨ ᠣᠶᠢᠯᠠᠭᠠᠭᠳᠠᠬᠤᠨ᠂ ᠨᠡᠶᠢᠭᠡᠮ ᠲᠣᠭᠤᠷᠢᠭ ᠤᠨ | ᠺᠠᠳ᠋ᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ | ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ 9 ᠰᠠᠷ᠎ᠠ ᠶᠢᠨ 26 ᠤ ᠡᠳᠦᠷ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠥᠮᠦᠯᠢᠭ ᠤᠨ ᠤᠬᠠᠭᠠᠨ ᠂ ᠨᠡᠶᠢᠭᠡᠮ ᠤᠨ | ᠠᠵᠢᠯ ᠤᠨ ᠰᠠᠯᠪᠤᠷᠢ ᠶᠢᠨ ᠡᠷᠬᠢᠯᠡᠭᠴᠢ᠂ ᠮᠠᠬᠢᠰᠲ᠋ᠤᠷ ᠤᠨ ᠤᠳᠤᠷᠢᠳᠤᠭᠠᠴᠢ ᠪᠠᠭᠰᠢ᠂ ᠳ᠋ᠣᠺᠲ᠋ᠣᠷ ᠳ᠋ᠧᠩ ᠯᠢ ᠵᠢᠶᠦᠨ᠂ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠥᠮᠦᠯᠢᠭ ᠤᠨ ᠤᠬᠠᠭᠠᠨ ᠤ ᠳᠡᠳ᠋ | ᠫᠷᠣᠹᠧᠰᠰᠣᠷ᠂ ᠠᠰᠫᠢᠷᠠᠨᠲ ᠤᠨ ᠵᠢᠯᠣᠭᠤᠳᠣᠭᠴᠢ ᠪᠠᠭᠰᠢ ᠬᠤᠸᠠᠩ ᠯᠢ ᠰᠢᠶᠠ ᠰᠢᠨ᠎ᠡ ᠬᠤᠲᠠ ᠲᠣᠭᠤᠷᠢᠭ ᠤᠨ | ᠨᠡᠶᠢᠭᠡᠮ ᠲᠣᠭᠤᠷᠢᠭ ᠤᠨ 300 ᠨᠡᠶᠢᠭᠡᠮ ᠲᠣᠭᠤᠷᠢᠭ ᠤᠨ ᠺᠠᠳ᠋ᠷᠴᠤᠳ ᠲᠤ ᠲᠤᠰᠬᠠᠶ ᠰᠡᠳᠦᠪᠲᠤ ᠪᠣᠯᠪᠠᠰᠤᠷᠠᠯ | ᠬᠢᠵᠠᠢ᠃ | | | ᠲᠤᠰ ᠡᠳᠦᠷ ᠤᠨ ᠦᠳᠡ ᠶᠢᠨ ᠡᠮᠦᠨ᠎ᠡ᠂ ᠳ᠋ᠧᠩ ᠯᠢ ᠵᠢᠶᠦᠨ ᠨᠡᠶᠢᠭᠡᠮ ᠲᠣᠭᠤᠷᠢᠭ ᠤᠨ ᠵᠠᠰᠠᠯᠲᠠ ᠪᠠ | ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠨᠡᠶᠢᠭᠡᠮ ᠲᠣᠭᠤᠷᠢᠭ ᠤᠨ ᠠᠵᠢᠯᠳᠠᠨ ᠤ | ᠡᠳᠦᠷ ᠲᠤᠲᠤᠮ ᠤᠨ ᠬᠠᠷᠢᠯᠴᠠᠭᠠᠨ ᠤ ᠶᠣᠰᠣ ᠵᠢᠷᠤᠮ᠂ ᠬᠠᠮᠲᠤ ᠶᠢᠨ ᠠᠵᠢᠯᠯᠠᠭ᠎ᠠ᠂ ᠥᠷᠭᠡᠳᠬᠡᠭᠰᠡᠨ ᠪᠣᠯᠪᠠᠰᠤᠷᠠᠯ | ᠵᠡᠷᠭᠡ ᠠᠭᠤᠯᠭ᠎ᠠ ᠶᠢ ᠪᠣᠳᠠᠲᠠᠶ ᠵᠢᠱᠢᠶ᠎ᠡ ᠶᠢ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠤᠯᠴᠠᠬᠤ ᠠᠩᠭᠢ ᠳᠤ | ᠪᠦᠬᠦ ᠲᠠᠯ᠎ᠠ ᠪᠠᠷ ᠨᠠᠷᠢᠨ ᠲᠠᠶᠢᠯᠤᠮᠵᠢ ᠬᠢᠪᠡ᠃ ᠪᠥᠬᠦ ᠬᠢᠴᠢᠶᠡᠯ ᠨᠢ ᠪᠣᠳᠠᠲᠤ ᠵᠢᠱᠢᠶ᠎ᠡ ᠪᠠᠷ ᠲᠦᠰᠢᠭ ᠪᠣᠯᠭᠠᠵᠤ᠂ | ᠤᠨᠤᠯ ᠤᠨ ᠮᠡᠳᠡᠯᠭᠡ ᠵᠠᠪᠰᠠᠷᠯᠠᠭᠤᠯᠤᠨ᠂ ᠭᠦᠨᠵᠡᠭᠡᠶ ᠮᠦᠷᠲᠡᠭᠡᠨ ᠬᠢᠯᠪᠠᠷ ᠣᠶᠢᠯᠠᠭᠠᠮᠵᠢᠲᠠᠶ ᠵᠠᠳᠠᠯᠤᠨ᠂ | ᠬᠤᠶᠢᠰᠢᠳᠠ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠳᠤ ᠲᠤᠩ ᠴᠢᠩᠭ᠎ᠠ ᠵᠢᠯᠣᠭᠤᠳᠬᠤ ᠠᠴᠢ | ᠬᠤᠯᠪᠣᠭᠳᠠᠯ ᠲᠠᠢ ᠃ | ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠰᠤᠷᠤᠭᠴᠢᠳ ᠤᠨ ᠲᠥᠯᠥᠭᠡᠯᠡᠭᠴᠢᠳ ᠡᠨᠡ ᠤᠳᠠᠭᠠᠨ ᠤ | ᠪᠣᠯᠪᠠᠰᠤᠷᠠᠭᠤᠯᠤᠯ ᠢ ᠴᠠᠭ ᠨᠢ ᠲᠣᠯᠭᠠᠮ᠎ᠠ᠂ ᠬᠢᠴᠢᠶᠡᠯ ᠤᠨ ᠬᠤᠪᠢᠶᠠᠷᠢᠯᠠᠯ ᠵᠣᠬᠢᠮᠵᠢᠲᠠᠢ ᠂ ᠰᠠᠬᠢᠯᠭ᠎ᠠ ᠪᠠᠲᠤ | ᠴᠢᠩᠭ᠎ᠠ ᠶᠢ ᠦᠨᠡᠯᠡᠨ ᠂ ᠡᠨᠡ ᠤᠳᠠᠭᠠᠨ ᠤ ᠪᠣᠯᠪᠠᠰᠤᠷᠠᠭᠤᠯᠤᠯ ᠨᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ | ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠳᠣᠬᠠᠨ ᠤ ᠪᠠᠶᠢᠳᠠᠯ ᠳᠣᠣᠷᠠᠬᠢ ᠰᠢᠨ᠎ᠡ ᠱᠠᠭᠠᠷᠳᠠᠯᠭ᠎ᠠ᠂ | ᠨᠡᠶᠢᠭᠡᠮ ᠲᠣᠭᠤᠷᠢᠭ ᠤᠨ ᠠᠵᠢᠯ ᠢ ᠤᠯᠠᠮ ᠰᠠᠶᠢᠨ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ | ᠰᠣᠷᠣᠭᠰᠠᠨ ᠮᠡᠳᠡᠯᠭᠡ ᠲᠤᠷᠰᠢᠯᠭ᠎ᠠ ᠪᠠᠨ ᠬᠤᠶᠢᠰᠢᠳᠠ ᠶᠢᠨ ᠠᠵᠢᠯ ᠤᠨ ᠳᠤᠮᠳᠠ ᠭᠦᠢᠴᠡᠳ ᠬᠡᠷᠡᠭᠯᠡᠵᠦ᠂ ᠨᠡᠶᠢᠭᠡᠮ | ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠨᠡᠶᠢᠭᠡᠮ ᠤᠨ ᠡᠶ᠎ᠡ ᠵᠣᠬᠢᠴᠠᠯ ᠲᠠᠢ ᠪᠠᠶᠢᠬᠤ ᠶᠢ ᠴᠢᠩᠭᠠᠳᠬᠠᠵᠤ᠂ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠳᠤ ᠠᠰᠢᠭᠲᠠᠢ᠃ |