9 ᠳ᠋ᠦ᠋ᠭᠡᠷ ᠰᠠᠷ᠎ᠠ ᠶᠢᠨ 27 ᠤ ᠦᠳᠡ ᠶᠢᠨ ᠬᠤᠶᠢᠨ᠎ᠠ᠂ ︽ᠤᠯᠤᠰ ᠤᠨ ᠪᠠᠶᠠᠷ︾ ᠤᠨ ᠬᠤᠭᠤᠴᠠᠭᠠᠨ ᠳᠠᠬᠢ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠨᠢᠭᠡᠳᠦᠭᠡᠷ ᠠᠵᠢᠯᠯᠠᠬᠤ ᠳᠤᠭᠤᠶᠢᠯᠠᠩ ᠤᠨ ᠵᠣᠬᠢᠴᠠᠭᠤᠯᠬᠤ | ᠬᠤᠷᠠᠯ ᠢ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ ᠡᠷᠬᠢᠯᠡᠨ ᠶᠠᠪᠣᠭᠳᠠᠭᠤᠯᠪᠠ᠃ | ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠳᠠᠷᠤᠭ᠎ᠠ ᠵᠠᠩ ᠯᠢᠨ ᠯᠢᠨ ᠠᠶᠣᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ | ᠂ ᠭᠠᠯ ᠤᠨᠲᠠᠷᠠᠭᠠᠬᠤ ᠵᠡᠷᠭᠡ ᠨᠢᠭᠡᠴᠡ ᠶᠢᠨ ᠪᠠᠶᠢᠴᠠᠭᠠᠬᠤ ᠠᠵᠢᠯᠲᠠᠳ ᠢ ᠳᠠᠭᠠᠭᠤᠯᠵᠣ ᠰᠢᠩ ᠳ᠋ᠠ᠂ ᠱᠧᠩ ᠫᠧᠩ᠂ | ᠸᠠᠨ ᠱᠢ ᠲᠦᠩ ᠵᠡᠷᠭᠡ ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ ᠵᠢᠴᠢ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠤᠶᠠᠳᠤᠭᠠᠷ ᠲᠣᠰᠤ ᠨᠡᠮᠡᠬᠦ ᠥᠷᠲᠡᠭᠡ᠂ ᠮᠧᠩ ᠰᠢᠶᠠᠩ ᠬᠤᠸᠠᠷ ᠫᠤᠤᠵᠢᠩ ᠤᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠳᠤ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ ᠬᠤᠯᠪᠣᠭᠳᠠᠯ | ᠪᠦᠬᠦᠢ ᠮᠠᠲ᠋ᠧᠷᠢᠶᠠᠯ ᠢ ᠨᠢᠭᠡᠳ ᠨᠢᠭᠡ ᠪᠠᠷ ᠪᠠᠶᠢᠴᠠᠭᠠᠵᠤ᠂ ᠠᠵᠤ ᠠᠬᠤᠶᠢᠯᠠᠯ ᠤᠨ ᠭᠤᠣᠯ ᠴᠣᠭᠴᠠᠲᠣ | ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠠᠶᠣᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠳᠣᠳᠬᠠᠵᠣ᠂ | ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠰᠠᠶᠢᠵᠢᠷᠠᠵᠣ ᠪᠠᠶᠢᠭ᠎ᠠ ᠶᠢ ᠪᠠᠲᠣᠯᠠᠭᠰᠠᠨ ᠪᠠᠶᠢᠨ᠎ᠠ᠃ | ᠵᠠᠩ ᠯᠢᠨ ᠯᠢᠨ ᠵᠢᠭᠠᠵᠤ ᠭᠠᠷᠭᠠᠭᠰᠠᠨ ᠨᠢ᠂ ᠨᠢᠭᠡ ᠳᠤ᠂ ᠠᠵᠤ ᠠᠬᠤᠶᠢᠯᠠᠯ ᠪᠠᠶᠢᠴᠠᠭᠠᠯᠲᠠ ᠶᠢᠨ ᠳᠤᠮᠳᠠ | ᠣᠯᠵᠤ ᠮᠡᠳᠡᠭᠰᠡᠨ ᠠᠶᠤᠯᠭᠦᠶ ᠶᠢᠨ ᠲᠠᠯᠳᠠ ᠭᠡᠮ ᠳᠤ ᠴᠢᠭᠯᠡᠭᠦᠯᠦᠨ᠂ ᠦᠨᠡᠨᠬᠦ ᠬᠡᠷᠡᠭᠵᠢᠭᠦᠯᠵᠦ ᠪᠣᠯᠬᠤᠶᠢᠴᠠ | ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠲᠣᠭᠲᠠᠭᠠᠨ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠯ᠎ᠡ | ᠵᠦᠢᠯ ᠤᠨ ᠠᠮᠤᠷ ᠲᠦᠪᠰᠢᠨ ᠤ ᠠᠳᠠᠯ ᠢ ᠡᠷᠡᠰ ᠬᠤᠷᠢᠭᠯᠠᠬᠤ ᠬᠡᠷᠡᠭᠲᠡᠶ᠃ ᠬᠤᠶᠠᠷ ᠲᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠳ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠤ ᠠᠵᠢᠯ ᠢ ᠬᠠᠮᠢᠶᠠᠷᠴᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠤ ᠠᠵᠢᠯ ᠢ ᠬᠠᠮᠢᠶᠠᠷᠴᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠵᠠᠪᠠᠯ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ | ᠭᠡᠪᠡ᠃ |